 

ᠨᠠᠮ ᠤᠨ ᠲᠦᠪ ᠬᠤᠷᠢᠶ᠎ᠠ ︽ᠲᠤᠮᠲᠠᠲᠤ ᠤᠯᠤᠰ ᠤᠨ ᠡᠪ ᠬᠠᠮᠲᠤ ᠨᠠᠮ ᠤᠨ ᠬᠦᠲᠡᠭᠡ ᠲᠤᠰᠬᠤᠨ ᠤ ᠠᠵᠢᠯ ᠤᠨ ᠲᠦᠷᠢᠮ︾ ᠲᠠᠷᠤᠮᠠᠯᠯᠠᠠ ᠲᠠᠷ

2019-10-04 12:19
  335
  0


  ᠨᠠᠮ ᠤᠨ ᠲᠦᠪ ᠬᠤᠷᠢᠶ᠎ᠠ ︽ᠲᠤᠮᠲᠠᠲᠤ ᠤᠯᠤᠰ ᠤᠨ ᠡᠪ ᠬᠠᠮᠲᠤ ᠨᠠᠮ ᠤᠨ ᠬᠦᠲᠡᠭᠡ ᠲᠤᠰᠬᠤᠨ ᠤ ᠠᠵᠢᠯ ᠤᠨ ᠲᠦᠷᠢᠮ︾ ᠢ ᠲᠠᠷᠤᠮᠠᠯᠯᠠᠠ ᠲᠠᠷᠬᠠᠭᠠᠭᠰᠠᠠ ᠪᠦᠭᠡᠳ ᠮᠡᠲᠡᠭᠲᠡᠯ ᠪᠠᠭᠤᠯᠭᠠᠵᠦ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠢ ᠨᠠᠷᠢᠨ ᠬᠢᠨᠠᠮᠠᠭᠠᠢ ᠵᠢᠷᠤᠮᠯᠠᠠ ᠭᠡᠷᠡᠭᠵᠢᠭᠦᠯᠳᠦᠭᠡᠢ ᠭᠡᠵᠦ ᠱᠠᠭᠠᠷᠲᠠᠵᠠᠢ᠃
  ︽ᠲᠤᠮᠲᠠᠲᠤ ᠤᠯᠤᠰ ᠤᠨ ᠡᠪ ᠬᠠᠮᠲᠤ ᠨᠠᠮ ᠤᠨ ᠬᠦᠲᠡᠭᠡ ᠲᠤᠰᠬᠤᠠ ᠤ ᠠᠵᠢᠯ ᠤᠨ ᠲᠦᠷᠢᠮ︾ ᠤᠨ ᠪᠦᠬᠦ ᠠᠭᠤᠯᠭ᠎ᠠ ᠨᠢ ᠲᠤᠤᠷᠠᠬᠢ   ᠮᠡᠲᠦ᠃
  ᠨᠢᠭᠡᠲᠦᠭᠡᠷ ᠪᠦᠯᠦᠭ ᠶᠡᠷᠦᠩᠭᠡᠢ ᠲᠦᠷᠢᠮ
  ᠨᠢᠭᠡᠲᠦᠭᠡᠷ ᠵᠦᠢᠯ ᠨᠠᠮ ᠤᠨ ᠬᠦᠲᠡᠭᠡ ᠲᠤᠰᠬᠤᠨ ᠤ ᠠᠵᠢᠯ ᠳᠠᠬᠢ ᠪᠦᠬᠦ ᠲᠠᠯ᠎ᠠ ᠶᠢᠨ ᠤᠲᠤᠷᠢᠲᠤᠯᠭ᠎ᠠ ᠶᠢ ᠪᠠᠷᠢᠮᠲᠠᠯᠠᠠ ᠴᠢᠩᠭᠠᠳᠬᠠᠵᠦ᠂ ᠨᠠᠮ ᠤᠨ ᠦᠨᠲᠦᠰᠤᠨ ᠤᠨᠤᠯ᠂ ᠦᠨᠲᠦᠰᠦᠨ ᠱᠤᠭᠤᠮ᠂ ᠦᠨᠲᠦᠰᠤᠨ ᠠᠷᠭ᠎ᠠ ᠪᠤᠲᠤᠯᠭ᠎ᠠ ᠶᠢ ᠲᠤᠭᠤᠰᠢᠯᠠᠭᠤᠯᠤᠨ᠂ ᠬᠦᠲᠡᠭᠡ ᠲᠤᠰᠬᠤᠨ ᠢ ᠬᠦᠭᠵᠢᠭᠦᠯᠤᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠬᠦᠨᠵᠡᠭᠡᠢ ᠭᠡᠷᠡᠭᠵᠢᠭᠦᠯᠵᠦ᠂ ᠰᠢᠨ᠎ᠠ ᠴᠠᠭ ᠦᠶ᠎ᠠ ᠳᠤ ᠨᠠᠮ ᠠᠴᠠ ᠬᠦᠲᠡᠭᠡ ᠲᠤᠰᠬᠤᠨ ᠤ ᠠᠵᠢᠯ ᠢ ᠪᠦᠬᠦ ᠲᠠᠯ᠎ᠠ ᠪᠠᠷ ᠤᠳᠤᠷᠢᠳᠬᠤ ᠴᠢᠲᠠᠪᠤᠷᠢ ᠪᠤᠯᠤᠨ ᠲᠦᠪᠰᠢᠨ ᠢ ᠲᠡᠭᠡᠭᠰᠢᠯᠡᠭᠦᠯᠬᠦ ᠶᠢᠨ ᠲᠦᠯᠦᠭᠡ᠂ ︽ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ︾ ᠢ ᠦᠨᠲᠦᠰᠦᠯᠡᠵᠦ᠂ ᠲᠤᠰ ᠲᠦᠷᠢᠮ ᠢ ᠲᠤᠭᠲᠠᠭᠠᠪᠠ᠃
  ᠬᠤᠶᠠᠲᠤᠭᠠᠷ ᠵᠦᠢᠯ ᠨᠠᠮ ᠤᠨ ᠬᠦᠲᠡᠭᠡ ᠲᠤᠰᠬᠤᠨ ᠤ ᠠᠵᠢᠯ ᠡᠷᠭᠡᠪᠰᠢ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠲᠦᠷ ᠮᠠᠠᠲᠤᠭᠤᠯᠵᠦ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠠᠴᠢ ᠬᠦᠭᠵᠢᠯᠲᠠ ᠶᠢᠨ ᠦᠵᠡᠯᠲᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠲᠠᠢ ᠪᠠᠶᠢᠬᠤ ᠤᠬᠠᠮᠰᠠᠷ ᠢᠶᠠᠨ ᠴᠢᠩᠭᠠᠳᠬᠠᠵᠦ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠤᠶᠤᠯ ᠤᠨ ᠢᠲᠡᠭᠡᠯ ᠢᠶᠠᠨ ᠪᠠᠲᠤᠳᠬᠠᠵᠦ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠠ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠪᠤᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶᠠᠠ ᠤ ᠡᠷᠭᠡ ᠰᠦᠷ ᠪᠠ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠡᠷᠡᠰ ᠬᠠᠮᠠᠭᠠᠯᠠᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠠ ᠪᠦᠬᠦ  ᠲᠠᠯ᠎ᠠ︾ ᠶᠢᠨ ᠪᠠᠶᠢᠯᠲᠤᠬᠤ ᠪᠤᠲᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠪᠠᠷ ᠴᠢᠩᠭ᠎ᠠ ᠭᠤᠤᠯᠲᠠᠭᠤᠯᠵᠤ᠂ ᠲᠤᠭᠲᠠᠭᠤᠨ ᠤ ᠲᠤᠮᠲᠠ ᠤᠷᠤᠭᠰᠢᠯᠠᠠ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠲᠠᠯᠠᠠ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠲᠤᠭᠤᠰᠢᠯᠠᠭᠤᠯᠵᠦ᠂ ᠴᠢᠨᠠᠷ ᠰᠠᠶᠢᠲᠠᠢ ᠬᠦᠭᠵᠢᠯᠲᠠ ᠶᠢᠨ ᠱᠠᠭᠠᠷᠲᠠᠯᠭ᠎ᠠ ᠶᠢ ᠨᠠᠶᠢᠲᠠᠪᠤᠷᠢᠵᠢᠭᠤᠯᠵᠦ᠂ ᠬᠦᠲᠡᠭᠡ ᠲᠤᠰᠬᠤᠠ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠬᠦ ᠪᠠᠷ ᠭᠠᠷᠲᠠᠴᠠ ᠪᠤᠯᠭᠠᠠ᠂ ᠨᠠᠮ ᠠᠴᠠ ᠬᠦᠲᠡᠭᠡ ᠲᠤᠰᠬᠤᠨ ᠤ ᠠᠵᠢᠯ ᠢ ᠤᠲᠤᠷᠢᠳᠬᠤ ᠵᠤᠬᠢᠶᠠᠠ ᠪᠠᠶᠢᠭᠤᠯᠤᠯᠲᠠ ᠶᠢᠨ ᠰᠢᠰᠲ᠋ᠧᠮ᠂ ᠲᠦᠷᠢᠮ ᠤᠨ ᠰᠢᠰᠲ᠋ᠧᠮ ᠪᠤᠯᠤᠨ ᠠᠵᠢᠯ ᠤᠨ ᠲᠤᠭᠲᠠᠴᠠ ᠶᠢ ᠪᠦᠷᠢᠠᠰᠢᠭᠦᠯᠵᠦ᠂ ᠬᠦᠲᠡᠭᠡ ᠲᠤᠰᠬᠤᠨ ᠤ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠲᠦᠷᠭᠡᠡ ᠠᠬᠢᠭᠤᠯᠵᠦ᠂ ᠬᠦᠲᠡᠭᠡ ᠠᠵᠦ ᠠᠬᠤᠢ ᠬᠦᠲᠡᠭᠡ ᠲᠤᠰᠬᠤᠨ ᠤ ᠤᠲᠤᠬᠢᠴᠢᠯᠠᠯᠲᠠ ᠶᠢ ᠲᠦᠷᠭᠡᠡ ᠠᠬᠢᠭᠤᠯᠵᠦ᠂ ᠦᠷᠭᠡᠡ ᠤᠯᠠᠠ ᠲᠠᠷᠢᠶᠠᠴᠢᠨ ᠳᠤ ᠨᠡᠩ ᠰᠠᠶᠢᠨ ᠰᠠᠶᠢᠬᠠᠠ ᠠᠮᠢᠲᠤᠷᠠᠯ ᠢ ᠡᠳ᠋ᠯᠡᠭᠦᠯᠬᠦ ᠬᠡᠷᠡᠭᠲᠡᠢ᠃
  ᠭᠤᠷᠪᠠᠲᠤᠭᠠᠷ ᠵᠦᠢᠯ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ ᠤ ᠠᠰᠠᠭᠤᠲᠠᠯ ᠪᠤᠯ ᠤᠯᠤᠰ ᠤᠨ ᠪᠤᠲᠤᠯᠭ᠎ᠠ ᠠᠷᠠᠳ ᠤᠨ ᠠᠮᠢᠲᠤᠷᠠᠯ ᠲᠠᠢ ᠬᠤᠯᠪᠤᠭᠲᠠᠬᠤ ᠦᠨᠲᠦᠰᠦᠨ ᠴᠢᠨᠠᠷᠲᠠᠢ ᠠᠰᠠᠭᠤᠲᠠᠯ ᠪᠤᠯᠤᠨ᠎ᠠ᠃ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ ᠤ ᠠᠵᠢᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠴᠢᠬᠤᠯᠠ ᠠᠴᠠ ᠴᠢᠬᠤᠯᠠ ᠠᠵᠢᠯ ᠪᠤᠯᠭᠠᠵᠦ᠂ ᠠᠮᠤ ᠬᠦᠨᠡᠰᠦᠨ ᠤ ᠠᠰᠠᠭᠤᠲᠠᠯ ᠢ ᠰᠠᠶᠢᠳᠤᠷ ᠰᠢᠢᠳᠪᠦᠷᠢᠯᠡᠬᠦ ᠶᠢ ᠤᠯᠤᠰ ᠬᠦ᠋ᠷᠦᠨ ᠢ ᠠᠮᠤᠷ ᠲᠤᠭᠲᠠᠭᠤᠨ ᠪᠠᠶᠢᠯᠭᠠᠬᠤ ᠲᠡᠷᠢᠭᠦᠨ ᠶᠡᠭᠡ ᠶᠠᠪᠤᠲᠠᠯ ᠪᠤᠯᠭᠠᠵᠦ᠂ ᠬᠦᠲᠡᠭᠡ ᠠᠵᠦ ᠠᠬᠤᠢ ᠬᠦᠲᠡᠭᠡ ᠲᠤᠰᠬᠤᠨ ᠢ ᠤᠷᠢᠳ ᠢᠶᠠᠷ ᠬᠦᠭᠵᠢᠭᠦᠯᠬᠦ ᠶᠢ ᠪᠠᠷᠢᠮᠲᠠᠯᠠᠵᠦ᠂ ᠢᠯᠡᠭᠦᠦ ᠦᠭᠴᠦ ᠲᠤᠲᠠᠭᠤ ᠠᠪᠴᠤ ᠴᠢᠯᠤᠭᠡᠳᠠᠢ ᠪᠤᠯᠭᠠᠬᠤ ᠶᠢ ᠪᠠᠷᠢᠮᠲᠠᠯᠠᠵᠦ᠂ ᠬᠤᠲᠠ ᠬᠦᠲᠡᠭᠡ ᠶᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠦ᠂ ᠠᠩᠬᠠᠷᠤᠯ ᠢᠶᠠᠨ ᠲᠦᠪᠯᠡᠷᠡᠭᠦᠯᠦᠨ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ᠂ ᠶᠠᠲᠠᠭᠤᠷᠠᠬᠤ ᠶᠢ ᠰᠡᠷᠭᠡᠶᠢᠯᠡᠵᠦ ᠶᠠᠲᠠᠭᠤ ᠬᠦᠴᠢᠷᠲᠠᠯᠲᠠᠢ ᠬᠦᠮᠦᠨ ᠠᠮᠠ ᠶᠢ ᠴᠦᠭᠡᠳᠭᠡᠬᠦ ᠠᠵᠢᠯ ᠢ ᠰᠠᠶᠢᠳᠤᠷ ᠬᠢᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠵᠠᠮ ᠢᠶᠠᠷ ᠶᠠᠪᠤᠬᠤ ᠭᠡᠷᠡᠭᠲᠡᠢ᠃
  ᠲᠦᠷᠪᠡᠳᠤᠭᠡᠷ ᠵᠦᠢᠯ ᠨᠠᠮ ᠤᠨ ᠬᠦᠳᠡᠭᠡ ᠲᠤᠰᠬᠤᠨ ᠤ ᠠᠵᠢᠯ ᠡᠷᠬᠡᠪᠰᠢ ᠲᠤᠤᠷᠠᠬᠢ ᠵᠠᠷᠴᠢᠮ ᠢ ᠵᠢᠷᠤᠮᠯᠠᠬᠤ ᠭᠡᠷᠡᠭᠳᠠᠢ
  ︵ᠨᠢᠬᠡ︶ ᠨᠠᠮ ᠤᠨ ᠬᠦᠳᠡᠭᠡ ᠲᠤᠰᠬᠤᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠵᠤ᠂ ᠬᠦᠳᠡᠭᠡ ᠲᠤᠰᠬᠤᠨ ᠤ ᠠᠵᠢᠯ ᠳᠤ ᠨᠠᠮ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠠ ᠲᠠᠯ᠎ᠠ ᠶᠢ ᠵᠤᠬᠢᠴᠠᠭᠤᠯᠬᠤ ᠶᠢ ᠪᠠᠳᠤᠯᠠᠵᠤ᠂ ᠬᠦᠳᠡᠭᠡ ᠲᠤᠰᠬᠤᠨ ᠤ ᠦᠬᠡᠷᠡᠴᠢᠯᠠᠯᠳᠠ ᠬᠦᠭᠵᠢᠯᠳᠠ ᠵᠦ᠋ᠪ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠬᠤ ᠭᠡᠷᠡᠭᠳᠠᠢ᠃
  ︵ᠬᠤᠶᠠᠷ︶ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠲᠠᠷᠢᠶᠠᠴᠢᠨ ᠤ ᠭᠤᠤᠯ ᠴᠤᠬᠴᠠ ᠶᠢᠨ ᠪᠠᠶᠢᠷᠢ ᠰᠠᠭᠤᠷᠢ ᠪᠤᠯᠤᠨ ᠡᠬᠦᠳᠤᠨ ᠪᠦᠳᠤᠬᠡᠬᠦ ᠵᠤᠷᠢᠬ ᠰᠠᠨᠠᠭ᠎ᠠ ᠶᠢ ᠬᠦᠨᠳᠤᠳᠬᠡᠵᠤ᠂ ᠲᠠᠷᠢᠶᠠᠴᠢᠨ ᠤ ᠪᠤᠳᠠᠰ ᠤᠨ ᠠᠰᠢᠬ ᠲᠤᠰᠠ ᠪᠤᠯᠤᠨ ᠠᠷᠠᠳᠴᠢᠯᠠᠯ ᠤᠨ ᠡᠷᠬᠡ ᠠᠰᠢᠬ ᠢ ᠦᠨᠡᠨᠬᠦ ᠪᠠᠳᠤᠯᠠᠵᠤ᠂ ᠲᠠᠷᠢᠶᠠᠴᠢᠨ ᠤ ᠬᠦᠷᠢᠶᠡᠯᠡᠬᠦ ᠡᠰᠡᠬᠦ᠂ ᠲᠡᠮᠵᠢᠬᠦ ᠡᠰᠡᠬᠦ ᠶᠢ ᠨᠠᠮ ᠤᠨ ᠬᠦᠳᠡᠭᠡ ᠲᠤᠰᠬᠤᠨ ᠤ ᠲᠦᠷᠤ ᠶᠢᠨ ᠪᠤᠳᠤᠯᠭ᠎ᠠ ᠶᠢᠨ ᠦᠨᠳᠦᠰᠦᠯᠡᠯ ᠪᠤᠯᠭᠠᠬᠤ ᠭᠡᠷᠡᠭᠳᠠᠢ︔
  ︵ᠭᠤᠷᠪᠠ︶ ᠬᠦᠳᠡᠭᠡ ᠲᠤᠰᠬᠤᠨ ᠤ ᠦᠨᠳᠤᠰᠤᠨ ᠡᠵᠡᠩᠨᠠᠯᠳᠠ ᠶᠢᠨ ᠲᠦᠷᠢᠮ ᠢ ᠪᠠᠳᠤᠳᠬᠠᠨ ᠲᠡᠬᠦᠯᠳᠡᠷᠵᠢᠬᠦᠯᠬᠦ ᠶᠢ ᠪᠠᠷᠢᠮᠳᠠᠯᠠᠵᠤ᠂ ᠨᠠᠮ ᠤᠨ ᠬᠦᠳᠡᠭᠡ ᠲᠤᠰᠬᠤᠨ ᠤ ᠲᠦᠷᠤ ᠶᠢᠨ ᠪᠤᠳᠤᠯᠭ᠎ᠠ ᠶᠢᠨ ᠰᠠᠭᠤᠷᠢ ᠶᠢ ᠪᠠᠳᠤᠳᠬᠠᠬᠤ ᠭᠡᠷᠡᠭᠳᠠᠢ︔
  ︵ᠲᠦᠷᠪᠡ︶ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠬᠦᠳᠡᠭᠡ ᠲᠤᠰᠬᠤᠨ ᠤ ᠠᠵᠤ ᠦᠢᠯᠡᠰ ᠢ ᠬᠦᠭᠵᠢᠬᠦᠯᠤᠨ ᠮᠠᠨᠳᠤᠭᠤᠯᠬᠤ᠂ ᠴᠢᠳᠠᠪᠤᠷᠢᠳᠠᠨ ᠢ ᠬᠦᠭᠵᠢᠬᠦᠯᠤᠨ ᠮᠠᠨᠳᠤᠭᠤᠯᠬᠤ᠂ ᠰᠤᠶᠤᠯ ᠢ ᠬᠦᠭᠵᠢᠬᠦᠯᠤᠨ ᠮᠠᠨᠳᠤᠭᠤᠯᠬᠤ᠂ ᠠᠮᠢ ᠠᠬᠤᠢ ᠶᠢ ᠬᠦᠭᠵᠢᠬᠦᠯᠤᠨ ᠮᠠᠨᠳᠤᠭᠤᠯᠬᠤ᠂ ᠵᠤᠬᠢᠶᠠᠨ ᠪᠠᠶᠢᠭᠤᠯᠤᠯᠳᠠ ᠶᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠬᠤ ᠭᠡᠷᠡᠭᠳᠠᠢ︔
  ︵ᠲᠠᠪᠤ︶ ᠲᠠᠷᠢᠶᠠᠴᠢᠨ ᠢ ᠬᠦᠳᠤᠯᠤᠨ ᠵᠢᠯᠤᠭᠤᠳᠴᠤ ᠨᠠᠮ ᠤᠨ ᠦᠬᠡ ᠶᠢ ᠰᠤᠨᠤᠰᠴᠤ᠂ ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠵᠤ᠂ ᠲᠠᠷᠢᠶᠠᠴᠢᠨ ᠲᠦᠮᠡᠨ ᠢ ᠨᠠᠮ ᠤᠨ ᠲᠤᠭᠤᠷᠢᠨ ᠳᠤ ᠨᠢᠬᠳᠠᠷᠠᠨ ᠪᠦᠯᠬᠦᠮᠳᠡᠬᠦᠯᠵᠤ᠂ ᠨᠠᠮ ᠤᠨ ᠬᠦᠳᠡᠭᠡ ᠲᠤᠰᠬᠤᠨ ᠳᠠᠬᠢ ᠲᠦᠷᠤ ᠪᠠᠷᠢᠬᠤ ᠰᠠᠭᠤᠷᠢ ᠶᠢ ᠪᠠᠳᠤᠳᠬᠠᠬᠤ ᠭᠡᠷᠡᠭᠳᠠᠢ︔
  ︵ᠵᠢᠷᠭᠤᠭ᠎ᠠ︶ ᠠᠯᠢᠪᠠ ᠪᠦᠬᠦᠨ ᠳᠤ ᠪᠤᠳᠠᠳᠠᠢ ᠠᠴᠠ ᠡᠬᠦᠰᠬᠦ ᠶᠢ ᠪᠠᠷᠢᠮᠳᠠᠯᠠᠵᠤ᠂ ᠲᠦᠷᠦᠯ ᠬᠤᠪᠢᠶᠠᠨ ᠵᠢᠯᠤᠭᠤᠳᠴᠤ᠂ ᠠᠯᠬᠤᠮ ᠲᠠᠷᠠᠭ᠎ᠠ ᠲᠠᠢ ᠬᠢᠵᠤ᠂ ᠠᠯᠪᠠᠳᠠᠨ ᠵᠠᠷᠯᠢᠬᠳᠠᠬᠤ ᠦᠬᠡᠢ᠂ ᠲᠤᠷᠭᠢᠯᠳᠤᠨ ᠬᠢᠬᠦ ᠦᠬᠡᠢ᠂ ᠡᠭᠡᠭᠡ ᠠᠳᠠᠯᠢ ᠪᠠᠶᠢᠯᠭᠠᠬᠤ ᠪᠠᠷ ᠱᠠᠭᠠᠷᠳᠠᠬᠤ ᠦᠭᠡᠢ ᠪᠠᠶᠢᠬᠤ  ᠬᠡᠷᠡᠭᠳᠠᠢ᠃
  ᠬᠤᠶᠠᠳᠤᠭᠠᠷ ᠪᠦᠯᠦᠭ ᠵᠤᠬᠢᠶᠠᠨ ᠪᠠᠶᠢᠭᠤᠯᠵᠤ ᠤᠳᠤᠷᠢᠳᠬᠤ
  ᠲᠠᠪᠤᠳᠤᠭᠠᠷ ᠵᠦᠢᠯ ᠲᠦᠪ ᠠᠴᠠ ᠨᠢᠬᠡᠳᠤᠯᠳᠠᠢ ᠲᠦᠯᠤᠪᠵᠢᠬᠦᠯᠬᠦ᠂ ᠮᠤᠵᠢ ᠶᠠᠷᠤᠩᠬᠡᠢ ᠳᠤᠨᠢ ᠬᠠᠷᠢᠭᠤᠴᠠᠬᠤ᠂ ᠬᠤᠳᠠ ᠰᠢᠶᠠᠨ ᠰᠢᠶᠠᠩ ᠨᠠᠶᠢᠳᠠᠪᠤᠷᠢᠵᠢᠭᠤᠯᠤᠯᠳᠠ ᠶᠢ ᠠᠳᠬᠤᠬᠤ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠭᠡᠷᠡᠭᠵᠢᠬᠦᠯᠤᠨ᠎ᠠ᠃
  ᠵᠢᠷᠭᠤᠳᠤᠭᠠᠷ ᠵᠦᠢᠯ ᠨᠠᠮ ᠤᠨ ᠲᠦᠪ ᠬᠤᠷᠢᠶ᠎ᠠ ᠬᠦᠳᠡᠭᠡ ᠲᠤᠰᠬᠤᠨ ᠤ ᠠᠵᠢᠯ ᠢ ᠪᠦᠬᠦ ᠲᠠᠯ᠎ᠠ ᠪᠠᠷ ᠤᠳᠤᠷᠢᠳᠴᠤ᠂ ᠬᠦᠳᠡᠭᠡ ᠲᠤᠰᠬᠤᠨ ᠤ ᠠᠵᠢᠯ ᠤᠨ ᠶᠡᠭᠡ ᠴᠢᠭᠯᠡᠯᠳᠠ ᠪᠤᠳᠤᠯᠭ᠎ᠠ ᠶᠢ ᠨᠢᠬᠡᠳᠤᠯᠳᠠᠢ ᠲᠤᠭᠳᠠᠭᠠᠵᠤ᠂ ᠬᠦᠳᠡᠭᠡ ᠲᠤᠰᠬᠤᠨ ᠤ ᠬᠦᠭᠵᠢᠯᠳᠠ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠨᠢᠬᠡᠳᠤᠯᠳᠠᠢ ᠲᠦᠯᠦᠪᠵᠢᠭᠦᠯᠵᠤ᠂ ᠬᠦᠳᠡᠭᠡ ᠲᠤᠰᠬᠤᠨ ᠤ ᠴᠢᠬᠤᠯᠠ ᠶᠡᠭᠡ ᠦᠬᠡᠷᠡᠴᠢᠯᠠᠯᠳᠠ ᠶᠢ ᠨᠢᠬᠡᠳᠤᠯᠳᠠᠢ ᠪᠠᠶᠢᠷᠢᠯᠠᠭᠤᠯᠤᠨ᠎ᠠ᠃ ᠨᠠᠮ ᠤᠨ ᠲᠦᠪ ᠬᠤᠷᠢᠶ᠎ᠠ ᠲᠤᠭᠳᠠᠬᠰᠠᠨ ᠬᠤᠭᠤᠴᠠᠭ᠎ᠠ ᠲᠠᠢ ᠪᠠᠷ ᠬᠦᠳᠡᠭᠡ ᠲᠤᠰᠬᠤᠨ ᠤ ᠠᠵᠢᠯ ᠢ ᠰᠤᠳᠤᠯᠵᠤ᠂ ᠵᠢᠯ ᠪᠦᠷᠢ ᠬᠦᠳᠡᠭᠡ ᠲᠤᠰᠬᠤᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠪᠠᠶᠢᠳᠠᠯ ᠡᠬᠦᠷᠬᠡ ᠶᠢ ᠦᠨᠳᠤᠰᠤᠯᠠᠵᠤ ᠬᠦᠳᠡᠭᠡ ᠲᠤᠰᠬᠤᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠦᠳᠡᠭᠡ ᠲᠤᠰᠬᠤᠨ ᠤ ᠠᠵᠢᠯ ᠢ ᠵᠢᠯᠤᠭᠤᠳᠬᠤ ᠪᠢᠴᠢᠭ ᠮᠠᠲ᠋ᠧᠷᠢᠶᠠᠯ ᠢ ᠲᠤᠭᠳᠠᠭᠠᠵᠤ ᠬᠡᠷᠡᠭᠵᠢᠭᠦᠯᠤᠨ᠎ᠡ᠃
  ᠲᠤᠯᠤᠳᠤᠭᠠᠷ ᠵᠦᠢᠯ ᠨᠠᠮ ᠤᠨ ᠲᠦᠪ ᠬᠤᠷᠢᠶ᠎ᠠ ᠠᠴᠠ ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠲᠤᠭᠤᠢᠢᠯᠠᠩ ᠢ ᠪᠠᠶᠢᠭᠤᠯᠵᠤ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠲᠤᠤᠷ᠎ᠠ ᠠᠵᠢᠯ ᠢᠶᠠᠨ ᠦᠷᠨᠢᠬᠦᠯᠵᠤ᠂ ᠨᠠᠮ ᠤᠨ ᠲᠦᠪ ᠬᠤᠷᠢᠶ᠎ᠠ ᠳᠤ ᠬᠠᠷᠢᠭᠤᠴᠠᠵᠤ᠂ ᠨᠠᠮ ᠤᠨ ᠲᠦᠪ ᠬᠤᠷᠢᠶ᠎ᠠ ᠪᠤᠯᠤᠨ ᠶᠠᠷᠤᠩᠬᠡᠢ ᠱᠦᠵᠢ ᠳᠤ ᠠᠵᠢᠯ ᠢᠶᠠᠨ ᠬᠠᠷᠢᠭᠤ ᠮᠡᠳᠡᠬᠦᠯᠵᠤ ᠵᠢᠭᠠᠪᠤᠷᠢ ᠠᠪᠤᠨ᠎ᠠ᠃
  ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠲᠤᠭᠤᠢᠢᠯᠠᠩ ᠤᠨ ᠬᠢᠨ ᠬᠦᠳᠡᠭᠡ ᠲᠤᠰᠬᠤᠨ ᠤ ᠠᠵᠢᠯ ᠢ ᠲᠦᠷᠦᠭᠦᠯᠡᠨ ᠶᠠᠷᠤᠩᠬᠡᠢ ᠳᠤᠨᠢ ᠠᠳᠬᠤᠬᠤ᠂ ᠨᠢᠬᠡᠳᠤᠯᠳᠠᠢ ᠲᠦᠯᠤᠪᠵᠢᠬᠦᠯᠵᠤ ᠵᠤᠬᠢᠴᠠᠭᠤᠯᠬᠤ ᠵᠡᠷᠬᠡ ᠤᠢᠢᠯᠡᠳᠤᠯ ᠢᠶᠠᠨ ᠪᠠᠳᠠᠷᠠᠭᠤᠯᠵᠤ᠂ ᠬᠦᠳᠡᠭᠡ ᠲᠤᠰᠬᠤᠨ ᠤ ᠠᠵᠤ ᠠᠬᠤᠢ ᠨᠡᠶᠢᠬᠡᠮ ᠤᠨ ᠪᠠᠶᠢᠳᠠᠯ ᠢ ᠲᠤᠭᠳᠠᠬᠰᠠᠨ ᠬᠤᠭᠤᠴᠠᠭ᠎ᠠ ᠲᠠᠢ ᠪᠠᠷ ᠵᠠᠳᠠᠯᠤᠨ ᠰᠢᠨᠵᠢᠯᠡᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠳᠤ ᠬᠤᠯᠪᠤᠬᠳᠠᠬᠤ ᠴᠢᠬᠤᠯᠠ ᠶᠡᠭᠡ ᠠᠰᠠᠭᠤᠳᠠᠯ ᠢ ᠰᠤᠳᠤᠯᠤᠨ ᠵᠤᠬᠢᠴᠠᠭᠤᠯᠵᠤ᠂ ᠬᠦᠳᠡᠭᠡ ᠲᠤᠰᠬᠤᠨ ᠤ ᠠᠵᠢᠯ ᠤᠨ ᠲᠤᠬᠠᠢ ᠨᠠᠮ ᠤᠨ ᠲᠦᠪ ᠬᠤᠷᠢᠶᠠᠨ ᠤ ᠴᠢᠬᠤᠯᠠ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠠᠵᠢᠯ ᠢ ᠱᠠᠯᠠᠪᠳᠠᠭᠤᠯᠤᠨ᠎ᠠ᠃
  ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠲᠤᠭᠤᠢᠢᠯᠠᠩ ᠤᠨ ᠡᠯ᠎ᠠ ᠪᠦᠷᠢᠯᠳᠤᠬᠦᠨ ᠨᠢᠬᠡᠴᠢ ᠶᠢᠨ ᠬᠢᠨ ᠲᠤᠰ ᠨᠢᠬᠡᠴᠢ ᠲᠤᠰ ᠰᠢᠰᠲ᠋ᠧᠮ ᠤᠨ ᠢᠶᠠᠨ ᠬᠦᠳᠡᠭᠡ ᠲᠤᠰᠬᠤᠨ ᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠬᠦᠷᠬᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠠᠯᠠᠭ᠎ᠠ ᠮᠦᠴᠢᠷ ᠤᠨ ᠵᠤᠬᠢᠴᠠᠭᠤᠯᠭ᠎ᠠ ᠪᠠᠨ ᠴᠢᠩᠭᠠᠳᠬᠠᠵᠤ᠂ ᠬᠦᠳᠡᠭᠡ ᠲᠤᠰᠬᠤᠨ ᠤ ᠠᠵᠢᠯ ᠤᠨ ᠬᠠᠮᠳᠤᠷᠠᠯ ᠬᠦᠴᠤᠨ ᠢ ᠪᠦᠷᠢᠯᠳᠦᠭᠦᠯᠤᠨ᠎ᠡ᠃
  ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠳᠤᠤᠷ᠎ᠠ ᠠᠯᠪᠠᠨ ᠭᠡᠷ ᠲᠤᠬᠢᠷᠠᠭᠤᠯᠵᠤ᠂ ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠡᠳᠦᠷ ᠳᠤᠳᠤᠮ ᠤᠨ ᠠᠵᠢᠯ ᠶᠠᠪᠤᠳᠠᠯ ᠢ ᠬᠠᠷᠢᠭᠤᠴᠠᠨ᠎ᠠ᠃
  ᠨᠠᠢᠮᠠᠳᠤᠭᠠᠷ ᠵᠦᠢᠯ ᠮᠤᠵᠢ ︵ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ︶ ᠶᠢᠨ ᠨᠠᠮ ᠤᠨ ᠬᠤᠷᠢᠶ᠎ᠠ ᠲᠤᠭᠳᠠᠭᠰᠠᠨ ᠬᠤᠭᠤᠴᠠᠭ᠎ᠠ ᠲᠠᠢ ᠪᠠᠷ ᠲᠤᠰ ᠭᠠᠵᠠᠷ ᠤᠷᠤᠨ ᠤ ᠪᠠᠨ ᠬᠦᠳᠡᠭᠡ ᠲᠤᠰᠬᠤᠨ ᠤ ᠠᠵᠢᠯ ᠢ ᠰᠤᠳᠤᠯᠵᠤ᠂ ᠲᠤᠭᠳᠠᠭᠰᠠᠨ ᠬᠤᠭᠤᠴᠠᠭ᠎ᠠ ᠲᠠᠢ ᠪᠠᠷ ᠬᠦᠳᠡᠭᠡ ᠲᠤᠰᠬᠤᠨ ᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠬᠦᠳᠡᠭᠡ ᠲᠤᠰᠬᠤᠨ ᠤ ᠠᠵᠢᠯ ᠤᠨ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠰᠢᠢᠳᠪᠦᠷᠢᠳᠦ ᠪᠤᠳᠤᠯᠭ᠎ᠠ ᠲᠤᠬᠳᠠᠭᠠᠵᠤ᠂ ᠬᠦᠳᠡᠭᠡ ᠲᠤᠰᠬᠤᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠬᠦᠳᠡᠭᠡ ᠲᠤᠰᠬᠤᠨ ᠤ ᠠᠵᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠤᠭᠳᠠᠭᠠᠵᠤ᠂ ᠭᠤᠤᠯᠳᠠᠯᠭ᠎ᠠ ᠲᠠᠢ ᠡᠭᠦᠷᠭᠡ ᠶᠢ ᠬᠤᠪᠢᠶᠠᠷᠢᠯᠠᠬᠤ᠂ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ᠂ ᠴᠢᠬᠤᠯᠠ ᠡᠬᠢ ᠪᠠᠶᠠᠯᠢᠭ ᠢ ᠲᠤᠬᠢᠷᠠᠭᠤᠯᠬᠤ ᠵᠡᠷᠭᠡ ᠠᠵᠢᠯ ᠢ ᠰᠠᠶᠢᠳᠤᠷ ᠠᠳᠬᠤᠬᠤ ᠬᠡᠷᠡᠭᠳᠠᠢ᠃
  ᠶᠢᠰᠦᠳᠦᠭᠡᠷ ᠵᠦᠢᠯ ᠬᠤᠳᠠ ︵ᠭᠠᠵᠠᠷ᠂ ᠵᠸᠤ᠂ ᠠᠶᠢᠮᠠᠭ︶ ᠶᠢᠨ ᠨᠠᠮ ᠤᠨ ᠬᠤᠷᠢᠶ᠎ᠠ ᠬᠦᠳᠡᠭᠡ ᠲᠤᠰᠬᠤᠨ ᠤ ᠠᠵᠢᠯ ᠢ ᠴᠢᠬᠤᠯᠠ ᠬᠡᠷᠡᠭ ᠵᠦᠪᠯᠡᠬᠦ ᠲᠦᠯᠦᠪᠯᠡᠭᠡ ᠳᠡᠭᠡᠨ ᠤᠷᠤᠭᠤᠯᠵᠤ᠂ ᠳᠡᠭᠡᠳᠤ ᠳᠤᠤᠷᠠᠳᠤ ᠱᠠᠳᠤ ᠶᠢ ᠵᠤᠯᠭᠠᠭᠤᠯᠬᠤ᠂ ᠤᠷᠤᠨ ᠪᠦᠰᠡ ᠶᠢᠨ ᠳᠤᠳᠤᠭᠠᠳᠤᠬᠢ ᠶᠢ ᠵᠤᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠳᠤᠷ ᠬᠢᠵᠤ᠂ ᠬᠤᠳᠠ ᠪᠠᠷ ᠰᠢᠶᠠᠨ ᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠳᠠᠢ᠃
  ᠠᠷᠪᠠᠳᠤᠭᠠᠷ ᠵᠦᠢᠯ ᠰᠢᠶᠠᠨ ︵ᠬᠤᠳᠠ᠂ ᠲᠤᠭᠤᠷᠢᠭ᠂ ᠬᠤᠰᠢᠭᠤ︶ ᠤ ᠨᠠᠮ ᠤᠨ ᠬᠤᠷᠢᠶ᠎ᠠ ᠨᠠᠮ ᠤᠨ ᠬᠦᠳᠡᠭᠡ ᠲᠤᠰᠬᠤᠨ ᠤ ᠠᠵᠢᠯ ᠤᠨ ᠡᠮᠦᠨ᠎ᠠ ᠹᠷᠤᠨᠲ ᠲᠤ ᠠᠵᠢᠯᠯᠠᠵᠤ ᠪᠠᠶᠢᠭ᠎ᠠ ᠲᠤᠯᠠ ᠲᠤᠰ ᠭᠠᠵᠠᠷ ᠤᠷᠤᠨ ᠤ ᠪᠠᠨ ᠪᠤᠳᠠᠳᠠᠢ ᠲᠠᠢ ᠤᠶᠠᠯᠳᠤᠭᠤᠯᠵᠤ᠂ ᠪᠤᠳᠠᠳᠠᠢ ᠬᠡᠷᠡᠭᠴᠡᠭᠡ ᠲᠠᠢ ᠠᠵᠢᠯ ᠤᠨ ᠠᠷᠭ᠎ᠠ ᠬᠡᠮᠵᠢᠶ᠎ᠠ ᠲᠤᠭᠳᠠᠭᠠᠵᠤ᠂ ᠲᠤᠰᠢᠶᠠᠯ ᠬᠠᠷᠢᠭᠤᠴᠠᠯᠭ᠎ᠠ ᠨᠢ ᠳᠤᠳᠤᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠤ᠂ ᠨᠠᠮ ᠤᠨ ᠲᠦᠪ ᠬᠤᠷᠢᠶ᠎ᠠ ᠵᠢᠴᠢ ᠳᠡᠭᠡᠳᠤ ᠱᠠᠳᠤᠨ ᠤ ᠨᠠᠮ ᠤᠨ ᠬᠤᠷᠢᠶᠠᠨ ᠤ ᠬᠦᠳᠡᠭᠡ ᠲᠤᠰᠬᠤᠨ ᠤ ᠠᠵᠢᠯ ᠤᠨ ᠲᠤᠬᠠᠢ ᠱᠠᠭᠠᠷᠳᠠᠯᠭ᠎ᠠ ᠪᠠ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠠᠢ᠃ ᠰᠢᠶᠠᠨ ᠤ ᠨᠠᠮ ᠤᠨ ᠬᠤᠷᠢᠶᠠᠨ ᠤ ᠱᠦᠵᠢ ᠭᠤᠤᠯ ᠬᠦᠴᠦ ᠪᠠᠨ ᠬᠦᠳᠡᠭᠡ ᠲᠤᠰᠬᠤᠨ ᠤ ᠠᠵᠢᠯ ᠳᠤ ᠲᠦᠪᠯᠡᠷᠡᠭᠦᠯᠵᠤ᠂ ᠦᠨᠳᠦᠰᠦᠨ ᠱᠠᠳᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠨᠢᠭᠡᠳᠦᠯᠳᠠᠢ ᠲᠦᠯᠦᠪᠵᠢᠭᠦᠯᠬᠦ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠬᠡᠷᠡᠭᠳᠠᠢ᠃
  ᠠᠷᠪᠠᠨ ᠨᠢᠭᠡᠳᠦᠭᠡᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠬ ᠤᠨ ᠨᠠᠮ ᠤᠨ ᠬᠤᠷᠢᠶ᠎ᠠ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠢᠢᠯᠠᠩ ᠪᠠᠶᠢᠭᠤᠯᠵᠤ᠂ ᠮᠤᠵᠢ ᠬᠤᠳᠠ ᠶᠢᠨ ᠱᠠᠳᠤᠨ ᠤ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠠᠳᠠᠯᠢ ᠲᠡᠰ ᠤᠨ ᠨᠠᠮ ᠤᠨ ᠬᠤᠷᠢᠶᠠᠨ ᠤ ᠳᠡᠳ᠋ ᠱᠦᠵᠢ ᠬᠠᠷᠢᠭᠤᠴᠠᠵᠤ᠂ ᠰᠢᠶᠠᠨ ᠤ ᠱᠠᠳᠤᠨ ᠤ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠨᠠᠮ ᠤᠨ ᠬᠤᠷᠢᠶᠠᠨ ᠤ ᠱᠦᠵᠢ ᠬᠠᠷᠢᠭᠤᠴᠠᠵᠤ᠂ ᠪᠤᠰᠤᠳ ᠪᠦᠷᠢᠯᠳᠦᠭᠦᠨ ᠢ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠢᠶᠠᠷ ᠪᠦᠷᠢᠯᠳᠦᠭᠦᠯᠬᠦ ᠬᠡᠷᠡᠭᠳᠠᠢ᠃
  ᠠᠷᠪᠠᠨ ᠬᠤᠶᠠᠳᠤᠭᠠᠷ ᠵᠦᠢᠯ ᠡᠯ᠎ᠠ ᠱᠠᠳᠤᠨ ᠤ ᠨᠠᠮ ᠤᠨ ᠬᠤᠷᠢᠶᠠᠨ ᠤ ᠬᠦᠳᠡᠭᠡ ᠲᠤᠰᠬᠤᠨ ᠤ ᠠᠵᠢᠯ ᠤᠨ ᠰᠠᠯᠠᠭ᠎ᠠ ᠮᠦᠴᠢᠷ ᠤᠨ ᠪᠠᠶᠢᠭᠤᠯᠤᠯᠳᠠ ᠶᠢ ᠴᠢᠩᠭᠠᠳᠬᠠᠵᠤ᠂ ᠪᠠᠶᠢᠭᠤᠯᠤᠮᠵᠢ ᠶᠢ ᠲᠤᠬᠢᠷᠠᠭᠤᠯᠬᠤ ᠪᠠ ᠠᠵᠢᠯᠳᠠᠨ ᠢ ᠲᠤᠬᠢᠷᠠᠭᠤᠯᠬᠤ ᠠᠵᠢᠯ ᠢ ᠰᠠᠶᠢᠳᠤᠷ ᠬᠢᠬᠦ ᠬᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶᠠᠨ ᠤ ᠬᠦᠳᠡᠭᠡ ᠲᠤᠰᠬᠤᠨ ᠤ ᠠᠵᠢᠯ ᠤᠨ ᠰᠠᠯᠠᠭ᠎ᠠ ᠮᠦᠴᠢᠷ ᠰᠢᠢᠳᠪᠦᠷᠢᠳᠦ ᠪᠤᠳᠤᠯᠭ᠎ᠠ ᠲᠤᠬᠳᠠᠭᠠᠬᠤ ᠳᠤ ᠵᠦᠪᠯᠡᠭᠴᠢ ᠪᠤᠯᠬᠤ᠂ ᠨᠢᠭᠡᠳᠦᠯᠳᠠᠢ ᠲᠦᠯᠦᠪᠵᠢᠭᠦᠯᠦᠨ ᠵᠤᠬᠢᠴᠠᠭᠤᠯᠬᠤ᠂ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ ᠎ᠠ ᠦᠭᠬᠦ᠂ ᠨᠠᠶᠢᠳᠠᠪᠤᠷᠢᠵᠢᠭᠤᠯᠤᠯᠳᠠ ᠶᠢ ᠠᠬᠢᠭᠤᠯᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠡᠭᠦᠷᠭᠡ ᠲᠤᠰᠢᠶᠠᠯ ᠢ ᠭᠦᠢᠴᠡᠳᠭᠡᠬᠦ ᠬᠡᠷᠡᠭᠳᠠᠢ᠃
  ᠠᠷᠪᠠᠨ ᠭᠤᠷᠪᠠᠳᠤᠭᠠᠷ ᠵᠦᠢᠯ ᠡᠯ᠎ᠠ ᠱᠠᠳᠤᠨ ᠤ ᠨᠠᠮ ᠤᠨ ᠬᠤᠷᠢᠶ᠎ᠠ ᠬᠦᠳᠡᠭᠡ ᠲᠤᠰᠬᠤᠨ ᠤ ᠠᠵᠢᠯ ᠢ ᠤᠳᠤᠷᠢᠳᠤᠨ ᠰᠢᠢᠳᠪᠦᠷᠢᠳᠦ ᠪᠤᠳᠤᠯᠭ᠎ᠠ ᠲᠤᠬᠳᠠᠭᠠᠬᠤ ᠲᠤᠭᠳᠠᠴᠠ ᠶᠢ ᠲᠡᠭᠦᠯᠳᠡᠷᠵᠢᠭᠦᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠤᠶᠤᠨ ᠤ ᠬᠦᠮᠦᠷᠭᠡ ᠪᠤᠯᠤᠨ ᠲᠤᠰᠬᠠᠢ ᠰᠤᠳᠤᠯᠭᠠᠨ ᠤ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠰᠢᠢᠳᠪᠦᠷᠢᠳᠦ ᠪᠤᠳᠤᠯᠭ᠎ᠠ ᠲᠤᠬᠳᠠᠭᠠᠬᠤ ᠰᠢᠨᠵᠢᠯᠡᠬᠦ ᠤᠬᠠᠭᠠᠨᠴᠢᠯᠠᠯᠳᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠳᠠᠢ᠃
  ᠭᠤᠷᠪᠠᠳᠤᠭᠠᠷ ᠪᠦᠯᠦᠭ ᠭᠤᠤᠯ ᠡᠬᠦᠷᠭᠡ
  ᠠᠷᠪᠡᠨ ᠲᠦᠷᠪᠡᠳᠤᠭᠡᠷ ᠵᠦᠢᠯ ᠨᠠᠮ ᠤᠨ ᠬᠦᠳᠡᠭᠡ ᠲᠤᠰᠬᠤᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠳᠠᠬᠢ ᠤᠳᠤᠷᠢᠳᠤᠯᠭ᠎ᠠ ᠶᠢ ᠴᠢᠩᠭᠠᠳᠬᠠᠨ᠎ᠡ᠃ ᠬᠦᠳᠡᠭᠡ ᠠᠵᠤ ᠠᠬᠤᠢ ᠶᠢᠨ ᠰᠠᠭᠤᠷᠢ ᠪᠤᠯᠬᠤ ᠪᠠᠶᠢᠷᠢ ᠶᠢ ᠪᠠᠬᠢᠵᠢᠬᠦᠯᠤᠨ ᠴᠢᠩᠭᠠᠳᠬᠠᠵᠤ᠂ ᠠᠮᠤ ᠪᠤᠳᠠᠭᠠᠨ ᠤ ᠬᠠᠨᠭ᠍ᠭᠠᠯᠭ᠎ᠠ ᠶᠢ ᠪᠠᠳᠤᠯᠠᠬᠤ ᠳᠤ ᠭᠠᠵᠠᠷ ᠰᠢᠷᠤᠢ ᠶᠢ ᠰᠠᠶᠢᠵᠢᠷᠠᠭᠤᠯᠬᠤ ᠳᠤ ᠲᠦᠰᠢᠭᠯᠡᠬᠦ᠂ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠲᠡᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠶᠢ ᠦᠨᠳᠦᠰᠦᠨ ᠳᠡᠭᠡᠨ ᠦᠪᠡᠷ ᠲᠡᠭᠡᠨ ᠬᠠᠨᠭ᠍ᠭᠠᠬᠤ᠂ ᠠᠮᠤ ᠬᠦᠨᠡᠰᠦ ᠶᠢ ᠲᠦᠢᠯ ᠤᠨ ᠪᠠᠳᠤᠯᠠᠭ᠎ᠠ ᠲᠠᠢ ᠪᠠᠶᠢᠯᠭᠠᠬᠤ ᠶᠢ ᠦᠨᠡᠨ ᠬᠦ ᠪᠠᠳᠤᠯᠠᠨ᠎ᠡ᠃ ᠬᠦᠳᠡᠭᠡ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠤᠳᠤ ᠦᠶ᠎ᠡ ᠶᠢᠨ ᠬᠦᠳᠡᠭᠡ ᠠᠵᠤ ᠠᠬᠤᠢ ᠶᠢᠨ ᠠᠵᠤ ᠦᠢᠯᠡᠰ ᠤᠨ ᠰᠢᠰᠲᠧᠮ᠂ ᠦᠢᠯᠡᠳᠪᠤᠷᠢᠯᠡᠯ ᠤᠨ ᠰᠢᠰᠲᠧᠮ᠂ ᠡᠵᠡᠩᠨᠡᠯᠳᠠ ᠶᠢᠨ ᠰᠢᠰᠲᠧᠮ ᠢ ᠪᠠᠶᠢᠭᠤᠯᠵᠤ᠂ ᠬᠦᠳᠡᠭᠡ ᠲᠤᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠤᠨ ᠪᠤᠵᠠᠭᠠᠢᠢᠷᠠᠭᠤᠯᠵᠤ᠂ ᠲᠠᠷᠢᠶᠠᠴᠢᠳ ᠤᠨ ᠤᠷᠤᠯᠭ᠎ᠠ ᠦᠷᠬᠦᠯᠵᠢᠯᠡᠨ ᠨᠡᠮᠡᠭᠳᠡᠵᠤ ᠪᠠᠶᠠᠵᠢᠨ ᠴᠢᠨᠠᠭᠡᠯᠢᠭᠵᠢᠬᠦ ᠶᠢ ᠠᠬᠢᠭᠤᠯᠤᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠭᠡᠯ ᠢ ᠪᠠᠬᠢᠵᠢᠬᠦᠯᠤᠨ ᠦᠷᠭᠡᠳᠭᠡᠨ᠎ᠡ᠃
  ᠠᠷᠪᠡᠨ ᠲᠠᠪᠤᠳᠤᠭᠠᠷ ᠵᠦᠢᠯ ᠨᠠᠮ ᠤᠨ ᠬᠦᠳᠡᠭᠡ ᠲᠤᠰᠬᠤᠨ ᠤ ᠨᠡᠶᠢᠭᠡᠮ ᠵᠢᠷᠤᠮ ᠤᠨ ᠠᠷᠠᠳᠴᠢᠯᠡᠬᠰᠠᠨ ᠤᠯᠤᠰ ᠲᠦᠷᠦ ᠶᠢᠨ ᠪᠠᠶᠢᠭᠤᠯᠤᠯᠳᠠ ᠳᠠᠬᠢ ᠤᠳᠤᠷᠢᠳᠤᠯᠭ᠎ᠠ ᠶᠢ ᠴᠢᠩᠭᠠᠳᠬᠠᠨ᠎ᠡ᠃ ᠦᠨᠳᠦᠰᠤᠨ ᠱᠠᠳᠤᠨ ᠤ ᠠᠷᠠᠳᠴᠢᠯᠡᠯ ᠤᠨ ᠲᠦᠷᠢᠮ ᠢ ᠲᠡᠬᠦᠯᠳᠡᠷᠵᠢᠬᠦᠯᠵᠤ᠂ ᠲᠤᠰᠬᠤᠨ ᠤ ᠠᠷᠠᠳ ᠤᠨ ᠦᠪᠡᠷᠳᠡᠭᠡᠨ ᠵᠠᠰᠠᠬᠤ ᠦᠢᠯᠡᠳᠦᠯᠭᠡ ᠶᠢ ᠬᠦᠨᠵᠡᠭᠡᠶᠢᠷᠠᠬᠦᠯᠵᠤ᠂ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠬᠰᠡᠨ ᠠᠮᠢᠵᠢᠷᠠᠯ ᠤᠨ ᠬᠦᠴᠦᠨ ᠢᠶᠠᠷ ᠪᠢᠯᠬᠠᠮ᠎ᠡ ᠲᠤᠰᠬᠤᠨ ᠤ ᠠᠷᠠᠳ ᠤᠨ ᠦᠪᠡᠷᠳᠡᠭᠡᠨ ᠵᠠᠰᠠᠬᠤ ᠲᠤᠬᠳᠠᠴᠠ ᠶᠢ ᠪᠦᠷᠢᠨᠰᠢᠬᠦᠯᠵᠤ᠂ ᠦᠨᠳᠦᠰᠦᠨ ᠱᠠᠳᠤᠨ ᠤ ᠠᠷᠠᠳᠴᠢᠯᠡᠯ ᠢᠶᠠᠷ ᠵᠦᠪᠯᠡᠬᠦ ᠬᠡᠯᠪᠡᠷᠢ ᠶᠢ ᠪᠠᠶᠠᠯᠢᠬᠵᠢᠭᠤᠯᠵᠤ᠂ ᠲᠠᠷᠢᠶᠠᠴᠢᠳ ᠤᠨ ᠬᠠᠤᠯᠢ ᠶᠤᠰᠤᠭᠠᠷ ᠠᠷᠠᠳᠴᠢᠯᠡᠯ ᠢᠶᠠᠷ ᠰᠤᠩᠭᠤᠭᠤᠯᠢ ᠬᠢᠬᠦ᠂ ᠠᠷᠠᠳᠴᠢᠯᠡᠯ ᠢᠶᠠᠷ ᠵᠦᠪᠯᠡᠬᠦ᠂ ᠠᠷᠠᠳᠴᠢᠯᠡᠯ ᠢᠶᠠᠷ ᠰᠢᠢᠳᠪᠤᠷᠢᠳᠤ ᠪᠤᠳᠤᠯᠭ᠎ᠠ ᠲᠤᠬᠳᠠᠭᠠᠬᠤ᠂ ᠠᠷᠠᠳᠴᠢᠯᠡᠯ ᠢᠶᠠᠷ ᠬᠠᠮᠢᠶᠠᠷᠬᠤ᠂ ᠠᠷᠠᠳᠴᠢᠯᠡᠯ ᠢᠶᠠᠷ ᠬᠢᠨᠠᠯᠳᠠ ᠲᠠᠯᠪᠢᠬᠤ ᠶᠢ ᠪᠠᠳᠤᠯᠠᠨ᠎ᠡ᠃ ᠬᠦᠳᠡᠭᠡ ᠲᠤᠰᠬᠤᠨ ᠤ ᠬᠠᠷ᠎ᠡ ᠪᠦᠯᠦᠭᠳᠡᠨ ᠬᠠᠷᠬᠢᠰ ᠬᠦᠴᠦᠨ᠂ ᠤᠪᠤᠭ ᠲᠦᠷᠦᠯ ᠤᠨ ᠬᠠᠷᠬᠢᠰ ᠬᠦᠴᠦᠨ ᠳᠤ ᠴᠢᠩᠭ᠎ᠠ ᠴᠤᠬᠢᠯᠳᠠ ᠦᠭᠴᠤ᠂ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠦᠴᠦᠷᠭᠡᠭᠯᠡᠯ ᠰᠦᠷᠳᠡᠬᠦᠯᠦᠯ ᠤᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠵᠤ᠂ ᠬᠦᠳᠡᠭᠡ ᠲᠤᠰᠬᠤᠨ ᠤ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠤᠨ᠎ᠡ᠃ ᠡᠯ᠎ᠡ ᠵᠦᠢᠯ ᠤᠨ ᠬᠠᠤᠯᠢ ᠪᠤᠰᠤ ᠱᠠᠰᠢᠨ ᠰᠤᠷᠳᠠᠬᠤᠨ ᠤ ᠲᠠᠮᠵᠢᠭᠤᠯᠭ᠎ᠠ ᠶᠢᠨ ᠠᠵᠢᠯᠯᠠᠭ᠎ᠠ ᠶᠢ ᠡᠷᠡᠰ ᠠᠷᠢᠯᠭᠠᠵᠤ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠠᠰᠠᠭ ᠤᠨ ᠡᠷᠭᠡ ᠶᠢ ᠪᠠᠬᠢᠵᠢᠬᠦᠯᠤᠨ᠎ᠡ᠃
  ᠠᠷᠪᠡᠨ ᠵᠢᠷᠭᠤᠳᠤᠭᠠᠷ ᠵᠦᠢᠯ ᠨᠠᠮ ᠤᠨ ᠬᠦᠳᠡᠭᠡ ᠲᠤᠰᠬᠤᠨ ᠤ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠳᠠᠬᠢ ᠤᠳᠤᠷᠢᠳᠤᠯᠭ᠎ᠠ ᠶᠢ ᠴᠢᠩᠭᠠᠳᠬᠠᠨ᠎ᠡ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠪᠤᠶᠢᠵᠢᠭᠤᠯᠤᠨ ᠦᠢᠯᠡᠳᠦᠯᠭᠡᠵᠢᠬᠦᠯᠵᠤ᠂ ᠲᠠᠷᠢᠶᠠᠴᠢᠨ ᠲᠦᠮᠡᠨ ᠤ ᠲᠤᠮᠳᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠤᠬᠠᠭᠤᠯᠭ᠎ᠠ ᠬᠦᠮᠦᠵᠢᠯ ᠢ ᠬᠦᠨᠵᠡᠭᠡᠢ ᠦᠷᠨᠢᠬᠦᠯᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠢ ᠰᠠᠶᠢᠳᠤᠷ ᠪᠠᠶᠢᠭᠤᠯᠵᠤ ᠰᠠᠶᠢᠳᠤᠷ ᠠᠰᠢᠬᠯᠠᠨ᠎ᠡ᠃ ᠬᠦᠳᠡᠭᠡ ᠲᠤᠰᠬᠤᠨ ᠤ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠵᠤ᠂ ᠬᠦᠳᠡᠭᠡ ᠲᠤᠰᠬᠤᠨ ᠤ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠵᠤ ᠬᠦᠭᠵᠢᠬᠦᠯᠤᠨ ᠲᠡᠭᠡᠭᠰᠢᠯᠡᠬᠦᠯᠵᠤ᠂ ᠬᠠᠭᠤᠴᠢᠨ ᠵᠠᠩ ᠲᠠᠳᠬᠠᠯ ᠢ ᠦᠭᠡᠷᠡᠴᠢᠯᠡᠬᠦ ᠶᠢ ᠠᠬᠢᠭᠤᠯᠤᠨ᠎ᠡ᠃ ᠬᠦᠳᠡᠭᠡ ᠲᠤᠰᠬᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠠᠷᠠᠳᠴᠢᠯᠡᠯ ᠬᠠᠤᠯᠢᠵᠢᠯ ᠤᠨ ᠬᠦᠮᠦᠵᠢᠯ ᠢ ᠦᠷᠭᠡᠨ ᠢᠶᠠᠷ ᠦᠷᠨᠢᠬᠦᠯᠤᠨ᠎ᠡ᠃ ᠬᠦᠳᠡᠭᠡ ᠲᠤᠰᠬᠤᠨ ᠤ ᠤᠯᠨᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠢ ᠡᠬᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠲᠠᠷᠢᠶᠠᠴᠢᠳ ᠤᠨ ᠤᠶᠤᠨ ᠤ ᠪᠠ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠲᠡᠷᠢᠶᠡᠴᠢᠳ ᠤᠨ ᠰᠢᠨᠵᠢᠯᠡᠬᠦ ᠤᠬᠠᠭᠠᠨ ᠰᠤᠶᠤᠯ ᠤᠨ ᠭᠡᠪ ᠴᠢᠨᠠᠷ ᠪᠠ ᠬᠦᠳᠡᠭᠡ ᠲᠤᠰᠬᠤᠨ ᠤ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠲᠡᠭᠡᠭᠰᠢᠯᠡᠬᠦᠯᠤᠨ᠎ᠡ᠃
  ᠠᠷᠪᠠᠠ ᠲᠤᠯᠤᠲᠤᠭᠠᠷ ᠵᠦᠢᠯ ᠨᠠᠮ ᠤᠨ ᠬᠦᠲᠡᠭᠡ ᠲᠤᠰᠬᠤᠨ ᠤ ᠨᠡᠶᠢᠭᠡᠮ ᠤᠨ ᠪᠠᠶᠢᠭᠤᠯᠤᠯᠲᠠ ᠳᠠᠬᠢ ᠤᠲᠤᠷᠢᠲᠤᠯᠭ᠎ᠠ ᠶᠢ ᠴᠢᠩᠭᠠᠳᠬᠠᠨ᠎ᠠ᠃ ᠬᠦᠲᠡᠭᠡ ᠲᠤᠰᠬᠤᠨ ᠤ ᠠᠷᠠᠳ ᠤᠨ ᠠᠮᠢᠲᠤᠷᠠᠯ ᠢ ᠪᠠᠲᠤᠯᠠᠵᠤ ᠰᠠᠶᠢᠵᠢᠷᠠᠭᠤᠯᠬᠤ ᠶᠢ ᠪᠠᠷᠢᠮᠳᠠᠯᠠᠵᠤ᠂ ᠰᠤᠷᠭᠠᠠ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ᠂ ᠰᠤᠶᠤᠯ ᠪᠡᠶ᠎ᠠ ᠶᠢᠨ ᠲᠠᠮᠢᠷ᠂ ᠨᠡᠶᠢᠭᠡᠮ ᠤᠨ ᠪᠠᠲᠤᠯᠠᠪᠤᠷᠢ ᠵᠡᠷᠭᠡ ᠬᠦᠲᠡᠭᠡ ᠲᠤᠰᠬᠤᠠ ᠤ ᠨᠡᠶᠢᠭᠡᠮ ᠤᠨ ᠦᠢᠯᠡᠰ ᠢ ᠶᠡᠭᠡ ᠪᠠᠷ ᠬᠦᠭᠵᠢᠭᠦᠯᠵᠦ᠂ ᠬᠦᠲᠡᠭᠡ ᠲᠤᠰᠬᠤᠨ ᠤ ᠤᠯᠠᠠ ᠨᠡᠶᠢᠲᠡ ᠶᠢᠨ ᠰᠠᠭᠤᠷᠢ ᠲᠦᠬᠦᠭᠡᠷᠦᠮᠵᠢ ᠪᠠ ᠤᠯᠠᠠ ᠨᠡᠶᠢᠲᠡ ᠶᠢᠨ ᠦᠨᠲᠦᠰᠦᠨ ᠦᠢᠯᠡᠴᠢᠯᠡᠭᠡᠨ ᠤ ᠨᠦᠬᠦᠴᠡᠯ ᠢ ᠲᠦᠷᠭᠡᠡ ᠰᠠᠶᠢᠵᠢᠷᠠᠭᠤᠯᠵᠦ᠂ ᠲᠠᠷᠢᠶᠠᠴᠢᠳ ᠤᠨ ᠠᠮᠢᠲᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠠ᠃ ᠨᠠᠮ ᠤᠨ ᠬᠤᠷᠢᠶ᠎ᠠ ᠠᠴᠠ ᠤᠲᠤᠷᠢᠳᠬᠤ᠂ ᠵᠠᠰᠠᠭ ᠤᠨ ᠤᠷᠲᠤᠨ ᠠᠴᠠ ᠬᠠᠷᠢᠭᠤᠴᠠᠬᠤ᠂ ᠨᠡᠶᠢᠭᠡᠮ ᠠᠴᠠ ᠬᠠᠮᠵᠢᠯᠴᠠᠬᠤ᠂ ᠤᠯᠠᠠ ᠨᠠᠶᠢᠲᠠ ᠪᠠᠷ ᠢᠶᠠᠨ ᠤᠷᠤᠯᠴᠠᠬᠤ᠂ ᠬᠠᠤᠯᠢ ᠪᠠᠷ ᠪᠠᠲᠤᠯᠠᠬᠤ᠂ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠤᠲᠤ ᠦᠶ᠎ᠠ ᠶᠢᠨ ᠬᠦᠲᠡᠭᠡ ᠲᠤᠰᠬᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠠᠰᠢᠭᠦᠯᠵᠦ᠂ ᠨᠠᠮ ᠤᠨ ᠵᠤᠬᠢᠶᠠᠠ ᠪᠠᠶᠢᠭᠤᠯᠤᠯᠲᠠ ᠶᠢᠨ ᠤᠲᠤᠷᠢᠲᠤᠯᠭ᠎ᠠ ᠲᠤᠤᠷᠠᠬᠢ ᠦᠪᠡᠷᠲᠡᠭᠡᠡ ᠵᠠᠰᠠᠬᠤ᠂ ᠬᠠᠤᠯᠢ ᠪᠠᠷ ᠵᠠᠰᠠᠬᠤ᠂ ᠶᠤᠰᠤ ᠰᠤᠷᠲᠠᠬᠤᠨ ᠢᠶᠠᠷ ᠵᠠᠰᠠᠬᠤ ᠶᠢ ᠤᠶᠠᠯᠲᠤᠭᠤᠯᠤᠭᠰᠠᠠ ᠬᠦᠲᠡᠭᠡ ᠲᠤᠰᠬᠤᠠ ᠤ ᠵᠠᠰᠠᠯᠲᠠ ᠶᠢᠨ ᠰᠢᠰᠲᠧᠮ ᠢ ᠪᠦᠷᠢᠨᠰᠢᠭᠦᠯᠵᠤ᠂ ᠠᠮᠢᠵᠢᠷᠠᠯ ᠤᠨ ᠬᠦᠴᠤᠨ ᠢᠶᠠᠷ ᠪᠢᠯᠬᠠᠮ᠎ᠠ᠂ ᠡᠶ᠎ᠡ ᠵᠤᠬᠢᠴᠠᠩᠭᠤᠢ ᠡᠮᠬᠢ ᠵᠢᠷᠤᠮ ᠲᠠᠢ ᠬᠦᠲᠡᠭᠡ ᠲᠤᠰᠬᠤᠠ ᠤ ᠨᠡᠶᠢᠭᠡᠮ ᠢ ᠪᠠᠶᠢᠭᠤᠯᠤᠨ᠎ᠠ᠃
  ᠠᠷᠪᠠᠠ ᠨᠠᠢᠮᠠᠲᠤᠭᠠᠷ ᠵᠦᠢᠯ ᠨᠠᠮ ᠤᠨ ᠬᠦᠲᠡᠭᠡ ᠲᠤᠰᠬᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠠᠬᠢ ᠤᠲᠤᠷᠢᠲᠤᠯᠭ᠎ᠠ ᠶᠢ ᠴᠢᠩᠭᠠᠳᠬᠠᠨ᠎ᠠ᠃ ᠬᠦᠭᠡᠮᠲᠦᠭ ᠨᠤᠭᠤᠭᠠᠠ ᠠᠭᠤᠯᠠ ᠤᠰᠤ ᠪᠤᠯ ᠠᠯᠲᠠ ᠮᠦᠩᠭᠦᠠ ᠠᠭᠤᠯᠠ ᠪᠤᠯᠬᠤ ᠬᠦᠭᠵᠢᠯᠲᠠ ᠶᠢᠨ ᠤᠢᠢᠯᠠᠭᠠᠭᠲᠠᠬᠤᠨ ᠢ ᠪᠠᠲᠤ ᠪᠠᠬᠢ ᠪᠤᠢ ᠪᠤᠯᠭᠠᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠬ ᠪᠡᠯᠴᠢᠭᠡᠷ ᠤᠨ ᠵᠠᠰᠠᠯᠲᠠ ᠶᠢᠨ ᠰᠢᠰᠲ᠋ᠧᠮ ᠢ ᠨᠢᠭᠡᠲᠦᠯᠲᠡᠢ ᠲᠦᠯᠦᠪᠵᠢᠭᠦᠯᠵᠦ᠂ ᠬᠦᠲᠡᠭᠡ ᠠᠵᠦ ᠠᠬᠤᠢ ᠶᠢᠨ ᠪᠤᠬᠢᠷᠲᠤᠯ ᠦᠭᠡᠢ ᠬᠦᠭᠵᠢᠯᠲᠠ ᠶᠢ ᠠᠬᠢᠭᠤᠯᠵᠦ᠂ ᠬᠦᠲᠡᠭᠡ ᠲᠤᠰᠬᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠠ᠂ ᠬᠦᠲᠡᠭᠡ ᠲᠤᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠵᠦ᠂ ᠠᠮᠢ ᠠᠬᠤᠢ ᠨᠢ ᠲᠠᠭᠠᠯᠠᠮᠵᠢᠲᠠᠢ ᠦᠵᠡᠰᠭᠦᠯᠡᠩᠳᠦ ᠰᠠᠶᠢᠬᠠᠠ ᠬᠦᠲᠡᠭᠡ ᠲᠤᠰᠬᠤᠨ ᠢ ᠪᠦᠲᠦᠭᠡᠡ ᠪᠠᠶᠢᠭᠤᠯᠤᠨ᠎ᠠ᠃
  ᠠᠷᠪᠠ ᠶᠢᠰᠦᠲᠦᠭᠡᠷ ᠵᠦᠢᠯ ᠬᠦᠲᠡᠭᠡ ᠲᠤᠰᠬᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠤᠬᠢᠶᠠᠠ ᠪᠠᠶᠢᠭᠤᠯᠤᠯᠲᠠ ᠶᠢᠨ ᠬᠦᠴᠤᠨ ᠢ ᠲᠡᠭᠡᠭᠰᠢᠯᠡᠭᠦᠯᠬᠦ ᠪᠠᠷ ᠭᠤᠤᠯᠲᠠᠯᠭ᠎ᠠ ᠪᠤᠯᠭᠠᠵᠤ᠂ ᠤᠯᠤᠰ ᠲᠦᠷᠦ ᠶᠢᠨ ᠴᠢᠲᠠᠮᠵᠢ ᠶᠢ ᠲᠤᠪᠤᠶᠢᠯᠭᠠᠠ᠂ ᠬᠦᠲᠡᠭᠡ ᠲᠤᠰᠬᠤᠨ ᠤ ᠦᠨᠲᠦᠰᠤᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢ ᠨᠠᠮ ᠤᠨ ᠵᠤᠷᠢᠯᠲᠠ ᠶᠢ ᠤᠬᠠᠭᠤᠯᠬᠤ᠂ ᠨᠠᠮ ᠤᠨ ᠲᠤᠭᠲᠠᠭᠠᠯ ᠢ ᠲᠤᠭᠤᠰᠢᠯᠠᠭᠤᠯᠬᠤ᠂ ᠦᠨᠲᠦᠰᠦᠨ ᠱᠠᠲᠤᠨ ᠤ ᠵᠠᠰᠠᠯᠲᠠ ᠶᠢ ᠤᠲᠤᠷᠢᠳᠬᠤ᠂ ᠤᠯᠠᠠ ᠲᠦᠮᠡᠡ ᠢ ᠪᠦᠯᠬᠦᠮᠳᠡᠭᠦᠯᠤᠨ ᠲᠠᠶᠢᠴᠢᠯᠠᠬᠤ᠂ ᠦᠭᠡᠷᠡᠴᠢᠯᠡᠯᠲᠡ ᠬᠦᠭᠵᠢᠯᠲᠠ ᠶᠢ ᠠᠬᠢᠭᠤᠯᠬᠤ ᠪᠠᠳᠤ ᠴᠢᠩᠭ᠎ᠠ ᠲᠠᠶᠢᠴᠢᠨ ᠪᠠᠬᠢᠯᠡᠯᠲᠡ ᠪᠤᠯᠭᠠᠠ ᠪᠠᠶᠢᠭᠤᠯᠵᠤ᠂ ᠨᠠᠮ ᠤᠨ ᠭᠡᠰᠢᠭᠦᠠ ᠤ ᠬᠤᠰᠢᠭᠤᠴᠢ ᠵᠢᠱᠢᠶᠡᠴᠢ ᠦᠢᠯᠡᠲᠦᠯ ᠢ ᠪᠠᠲᠠᠷᠠᠭᠤᠯᠤᠨ᠎ᠠ᠃ ᠬᠦᠲᠡᠭᠡ ᠲᠤᠰᠬᠤᠨ ᠤ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠤᠲᠤᠷᠢᠳᠬᠤ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠦ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠤᠯᠤᠨ ᠲᠤᠰᠬᠤᠨ ᠤ ᠨᠠᠮ ᠤᠨ ᠵᠤᠬᠢᠶᠠᠠ ᠪᠠᠶᠢᠭᠤᠯᠤᠯᠲᠠ ᠰᠢᠶᠠᠩ ᠪᠠᠯᠭᠠᠰᠤ᠂ ᠲᠤᠰᠬᠤᠨ ᠤ ᠡᠯ᠎ᠠ ᠲᠦᠷᠦᠯ ᠤᠨ ᠵᠤᠬᠢᠶᠠᠠ ᠪᠠᠶᠢᠭᠤᠯᠤᠯᠲᠠ ᠪᠤᠯᠤᠨ ᠡᠯ᠎ᠠ ᠵᠦᠢᠯ ᠤᠨ ᠠᠵᠢᠯ ᠢ ᠪᠦᠬᠦ ᠲᠠᠯ᠎ᠠ ᠪᠠᠷ ᠤᠲᠤᠷᠢᠲᠤᠨ᠎ᠠ᠃ ᠲᠤᠰᠬᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠱᠦᠵᠢ ᠬᠠᠤᠯᠢ ᠳᠤ ᠲᠤᠭᠲᠠᠭᠠᠭᠰᠠᠠ ᠲᠡᠰ ᠲᠠᠷᠠᠭᠠᠯᠠᠯ ᠢᠶᠠᠷ ᠲᠠᠮᠵᠢᠵᠦ ᠲᠤᠰᠬᠤᠨ ᠤ ᠠᠷᠠᠳ ᠤᠨ ᠵᠦᠪᠯᠡᠯ ᠤᠨ ᠡᠷᠬᠢᠯᠡᠭᠴᠢ ᠪᠠ ᠲᠤᠰᠬᠤᠨ ᠤ ᠱᠠᠲᠤᠨ ᠤ ᠬᠠᠮᠳᠤ ᠶᠢᠨ ᠠᠵᠦ ᠠᠬᠤᠢ ᠶᠢᠨ ᠵᠤᠬᠢᠶᠠᠠ ᠪᠠᠶᠢᠭᠤᠯᠤᠯᠲᠠ᠂ ᠬᠠᠮᠲᠤᠷᠠᠯᠴᠠᠬᠰᠠᠨ ᠠᠵᠦ ᠠᠬᠤᠢ ᠶᠢᠨ ᠵᠤᠬᠢᠶᠠᠠ ᠪᠠᠶᠢᠭᠤᠯᠤᠯᠲᠠ ᠶᠢᠨ ᠬᠠᠷᠢᠭᠤᠴᠠᠯᠭᠠᠲᠠᠠ ᠤ ᠲᠤᠰᠢᠶᠠᠯ ᠢ ᠬᠠᠷᠢᠭᠤᠴᠠᠵᠦ᠂ ᠨᠡᠮ ᠤᠨ ᠡᠭᠦᠷ ᠪᠠ ᠲᠤᠰᠬᠤᠨ ᠤ ᠠᠷᠠᠳ ᠤᠨ ᠵᠦᠪᠯᠡᠯ ᠤᠨ ᠪᠠᠭ ᠤᠨ ᠪᠦᠷᠢᠯᠳᠦᠭᠦᠨ ᠲᠤᠰᠢᠶᠠᠯ ᠢᠶᠠᠨ ᠰᠤᠯᠪᠢᠴᠠᠨ ᠬᠠᠷᠢᠭᠤᠴᠠᠬᠤ ᠬᠡᠷᠡᠭᠳᠠᠢ᠃ ᠲᠤᠰᠬᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭ᠎ᠠ ᠵᠡᠷᠭᠡ ᠤᠯᠠᠠ ᠲᠦᠮᠠᠠ ᠤ ᠪᠦᠯᠬᠦᠮ ᠤᠨ ᠵᠤᠬᠢᠶᠠᠠ ᠪᠠᠶᠢᠭᠤᠯᠤᠯᠲᠠ ᠳᠠᠬᠢ ᠤᠲᠤᠷᠢᠲᠤᠯᠭ᠎ᠠ ᠶᠢ ᠴᠢᠩᠭᠠᠳᠬᠠᠵᠦ᠂ ᠲᠠᠲᠠᠠ ᠤ ᠢᠲᠡᠪᠬᠢ ᠦᠢᠯᠡᠲᠦᠯ ᠢ ᠪᠠᠲᠠᠷᠠᠭᠤᠯᠤᠨ᠎ᠠ᠃ ᠲᠤᠰᠬᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠤᠲᠤᠷᠢᠲᠤᠯᠭ᠎ᠠ ᠲᠤᠤᠷᠠᠬᠢ ᠤᠴᠢᠷ ᠶᠠᠪᠤᠲᠠᠯ ᠵᠦᠪᠯᠡᠵᠦ ᠰᠢᠢᠳᠪᠦᠷᠢᠲᠦ ᠪᠤᠲᠤᠯᠭ᠎ᠠ ᠲᠤᠭᠲᠠᠭᠠᠬᠤ ᠲᠤᠭᠲᠠᠴᠠ᠂ ᠬᠢᠨᠠᠯᠲᠠ ᠲᠠᠯᠪᠢᠬᠤ ᠲᠤᠭᠲᠠᠴᠠ ᠶᠢ ᠪᠦᠷᠢᠠᠰᠢᠭᠦᠯᠵᠦ᠂ ᠲᠤᠰᠬᠤᠨ ᠤ ᠶᠠᠪᠤᠲᠠᠯ ᠳᠤ ᠬᠢᠨᠠᠯᠲᠠ ᠲᠠᠯᠪᠢᠬᠤ ᠵᠦᠪᠯᠡᠯ ᠢ ᠪᠠᠶᠢᠭᠤᠯᠤᠨ ᠪᠦᠷᠢᠠᠰᠢᠭᠦᠯᠵᠦ᠂ ᠲᠤᠰᠬᠤᠨ ᠤ ᠱᠠᠳᠤᠨ ᠤ ᠴᠢᠬᠤᠯᠠ ᠶᠡᠭᠡ ᠤᠴᠢᠷ ᠶᠠᠪᠤᠲᠠᠯ ᠤᠨ ᠲᠤᠬᠠᠢ ᠰᠢᠢᠳᠪᠦᠷᠢᠲᠦ ᠪᠤᠲᠤᠯᠭ᠎ᠠ ᠲᠤᠭᠲᠠᠭᠠᠬᠤ ᠳᠠᠭᠠᠨ ︽ᠲᠦᠷᠪᠡ ᠶᠢ ᠵᠦᠪᠯᠡᠵᠦ ᠬᠤᠶᠠᠷ ᠢ ᠢᠯᠡ ᠪᠠᠶᠢᠯᠭᠠᠬᠤ︾ ᠶᠢ ᠭᠡᠷᠡᠭᠵᠢᠭᠦᠯᠦᠨ᠎ᠠ᠃ ᠡᠯ᠎ᠠ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠰᠢᠶᠠᠠ ᠤ ᠱᠠᠲᠤᠨ ᠤ ᠨᠠᠮ ᠤᠨ ᠬᠤᠷᠢᠶ᠎ᠠ ᠲᠤᠰᠬᠤᠨ ᠤ ᠦᠨᠲᠦᠰᠦᠨ ᠱᠠᠲᠤᠨ ᠤ ᠨᠠᠮ ᠤᠨ ᠪᠠᠶᠢᠭᠤᠯᠤᠯᠲᠠ ᠳᠠᠬᠢ ᠭᠤᠤᠯ ᠴᠤᠭᠴᠠ ᠶᠢᠨ ᠬᠠᠷᠢᠭᠤᠴᠠᠯᠭ᠎ᠠ ᠶᠢ ᠬᠦᠢᠴᠡᠳᠭᠡᠵᠦ᠂ ᠰᠢᠶᠠᠩ ᠢ ᠠᠳᠬᠤᠵᠦ ᠲᠤᠰᠬᠤᠨ ᠢ ᠠᠬᠢᠭᠤᠯᠬᠤ ᠶᠢ ᠪᠠᠷᠢᠮᠲᠠᠯᠠᠠ᠂ ᠲᠤᠰᠬᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠳᠤ ᠰᠢᠯᠢᠲᠡᠭ ᠢ ᠨᠢ ᠰᠤᠩᠭᠤᠨ ᠲᠤᠬᠢᠷᠠᠭᠤᠯᠵᠤ᠂ ᠲᠤᠷᠤᠢ ᠪᠠᠭᠤᠷᠠᠢ ᠠᠯᠠᠩ ᠰᠠᠯᠠᠩ ᠨᠠᠮ ᠤᠨ ᠵᠤᠬᠢᠶᠠᠠ ᠪᠠᠶᠢᠭᠤᠯᠤᠯᠲᠠ ᠶᠢ ᠴᠡᠭᠴᠡᠯᠡᠵᠤ᠂ ᠨᠠᠮ ᠤᠨ ᠲᠤᠲᠤᠭᠠᠲᠤ ᠶᠢᠨ ᠤᠷᠮᠠᠰᠢᠭᠤᠯᠬᠤ ᠬᠠᠯᠠᠮᠵᠢᠯᠠᠬᠤ ᠬᠠᠪᠰᠤᠷᠤᠨ ᠲᠡᠳᠭᠦᠬᠦ ᠶᠢ ᠴᠢᠩᠭᠠᠳᠬᠠᠵᠦ᠂ ᠡᠳ᠋ ᠤᠨ ᠵᠠᠰᠠᠬ ᠤᠨ ᠪᠡᠯᠡ ᠤᠷᠤᠭᠤᠯᠤᠯᠳᠠ ᠪᠠᠷ ᠭᠤᠤᠯ ᠪᠤᠯᠭᠠᠬᠰᠠᠨ ᠲᠤᠭᠳᠠᠭᠤᠨ ᠪᠦᠬᠦᠢ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠵᠠᠷᠤᠳᠠᠯ ᠤᠨ ᠪᠠᠳᠤᠯᠠᠭ᠎ᠠ ᠶᠢᠨ ᠲᠦᠷᠢᠮ ᠢ ᠲᠤᠬᠳᠠᠭᠠᠨ ᠲᠡᠬᠦᠯᠳᠡᠷᠵᠢᠬᠦᠯᠵᠤ᠂ ᠦᠨᠳᠤᠰᠤᠨ ᠡᠩᠨᠡᠭᠡ᠂ ᠦᠨᠳᠤᠰᠤᠨ ᠠᠵᠢᠯᠯᠠᠭ᠎ᠠ᠂ ᠦᠨᠳᠤᠰᠤᠨ ᠵᠢᠬᠰᠠᠭᠠᠯ ᠤᠨ ᠭᠠᠵᠠᠷ᠂ ᠦᠨᠳᠤᠰᠤᠨ ᠲᠦᠷᠢᠮ᠂ ᠦᠨᠳᠤᠰᠤᠨ ᠪᠠᠳᠤᠯᠠᠭ᠎ᠠ ᠶᠢᠨ ᠪᠠᠶᠢᠭᠤᠯᠤᠯᠳᠠ ᠶᠢ ᠦᠷᠬᠦᠯᠵᠢᠯᠠᠨ ᠴᠢᠩᠭᠠᠳᠬᠠᠬᠤ ᠬᠡᠷᠡᠭᠳᠠᠢ᠃
  ᠡᠯ᠎ᠠ ᠱᠠᠳᠤᠨ ᠤ ᠨᠠᠮ ᠤᠨ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠦᠨᠳᠤᠰᠤᠨ ᠱᠠᠳᠤ ᠲᠡᠶᠢᠰᠢ ᠦᠷᠬᠡᠳᠬᠡᠬᠦ ᠶᠢ ᠠᠬᠢᠭᠤᠯᠵᠤ᠂ ᠬᠦᠳᠡᠭᠡ ᠲᠤᠰᠬᠤᠨ ᠤ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ ᠬᠦᠳᠡᠭᠡ ᠲᠤᠰᠬᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠦᠳᠡᠭᠡ ᠲᠤᠰᠬᠤᠨ ᠢ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠲᠤᠭᠤᠷᠢᠨ ᠪᠠᠶᠢᠴᠠᠭᠠᠬᠤ ᠴᠠᠬᠳᠠᠨ ᠪᠠᠶᠢᠴᠠᠭᠠᠬᠤ ᠠᠵᠢᠯ ᠤᠨ ᠴᠢᠬᠤᠯᠠ ᠠᠭᠤᠯᠭ᠎ᠠ ᠪᠤᠯᠭᠠᠵᠤ᠂ ᠬᠦᠳᠡᠭᠡ ᠲᠤᠰᠬᠤᠨ ᠤ ᠡᠷᠬᠡ ᠶᠢᠨ ᠠᠵᠢᠯᠯᠠᠭ᠎ᠠ ᠶᠢ ᠬᠢᠨᠠᠨ ᠪᠠᠶᠢᠴᠠᠭᠠᠬᠤ ᠲᠦᠷᠢᠮ ᠢ ᠲᠤᠬᠳᠠᠭᠠᠨ ᠲᠡᠬᠦᠯᠳᠡᠷᠵᠢᠬᠦᠯᠵᠤ᠂ ᠲᠠᠷᠢᠶᠠᠴᠢᠨ ᠤ ᠠᠰᠢᠬ ᠲᠤᠰᠠ ᠶᠢ ᠬᠤᠬᠢᠷᠠᠭᠤᠯᠤᠬᠰᠠᠨ ᠲᠦᠪ ᠪᠤᠰᠤ ᠰᠤᠷᠳᠠᠯ ᠪᠤᠯᠤᠨ ᠤᠯᠠᠨ ᠲᠦᠮᠡᠨ ᠤ ᠲᠡᠷᠬᠡᠳᠡᠬᠢ ᠢᠯᠵᠠᠷᠠᠯ ᠤᠨ ᠠᠰᠠᠭᠤᠳᠠᠯ ᠢ ᠦᠷᠬᠦᠯᠵᠢᠯᠡᠨ ᠴᠡᠭᠴᠡᠯᠡᠨ ᠵᠠᠰᠠᠬᠤ ᠬᠡᠷᠡᠭᠳᠠᠢ᠃
  ᠲᠦᠷᠪᠡᠳᠤᠭᠡᠷ ᠪᠦᠯᠦᠭ ᠡᠩᠨᠡᠬᠡᠨ ᠤ ᠪᠠᠶᠢᠭᠤᠯᠤᠯᠳᠠ
  ᠬᠤᠷᠢᠳᠤᠭᠠᠷ ᠵᠦᠢᠯ ᠡᠯ᠎ᠠ ᠱᠠᠳᠤᠨ ᠤ ᠨᠠᠮ ᠤᠨ ᠬᠤᠷᠢᠶ᠎ᠠ ᠬᠦᠳᠡᠭᠡ ᠠᠵᠤ ᠠᠬᠤᠢ ᠶᠢ ᠰᠠᠶᠢᠨ ᠮᠡᠳᠡᠬᠦ᠂ ᠬᠦᠳᠡᠭᠡ ᠲᠤᠰᠬᠤᠨ ᠢ ᠬᠠᠶᠢᠷᠠᠯᠠᠬᠤ᠂ ᠲᠠᠷᠢᠶᠠᠴᠢᠳ ᠢ ᠬᠠᠶᠢᠷᠠᠯᠠᠬᠤ ᠪᠠᠷ ᠦᠨᠳᠤᠰᠤᠨ ᠱᠠᠭᠠᠷᠳᠠᠯᠭ᠎ᠠ ᠪᠤᠯᠭᠠᠵᠤ᠂ ᠬᠦᠳᠡᠭᠡ ᠲᠤᠰᠬᠤᠨ ᠤ ᠠᠵᠢᠯ ᠤᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠠᠢ᠃
  ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠤ ᠭᠤᠤᠯ ᠬᠠᠷᠢᠭᠤᠴᠠᠯᠭᠠᠳᠠᠨ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠢ ᠰᠠᠶᠢᠳᠤᠷ ᠤᠢᠢᠯᠠᠭᠠᠨ ᠮᠡᠳᠡᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠤ ᠠᠰᠠᠭᠤᠳᠠᠯ ᠢ ᠰᠠᠶᠢᠳᠤᠷ ᠠᠳᠬᠤᠵᠤ ᠴᠢᠳᠠᠬᠤ ᠬᠡᠷᠡᠭᠳᠠᠢ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠳᠠᠨ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠤ ᠠᠰᠠᠭᠤᠳᠠᠯ ᠢ ᠠᠳᠬᠤᠬᠤ ᠳᠤ ᠴᠠᠭᠠᠷᠠᠬᠰᠠᠨ ᠪᠠᠶᠢᠬᠤ ᠬᠡᠷᠡᠭᠳᠠᠢ᠃ ᠬᠦᠳᠡᠭᠡ ᠲᠤᠰᠬᠤᠨ ᠤ ᠠᠵᠢᠯ ᠤᠨ ᠺᠠᠳ᠋ᠷ ᠤᠨ ᠡᠩᠨᠡᠭᠡ ᠶᠢ ᠬᠦᠮᠤᠵᠢᠬᠦᠯᠬᠦ᠂ ᠲᠤᠬᠢᠷᠠᠭᠤᠯᠬᠤ᠂ ᠬᠠᠮᠢᠶᠠᠷᠬᠤ᠂ ᠭᠡᠷᠡᠭᠯᠡᠬᠦ ᠶᠢ ᠴᠢᠩᠭᠠᠳᠬᠠᠵᠤ᠂ ᠬᠦᠮᠤᠵᠢᠬᠦᠯᠵᠤ ᠪᠤᠯᠪᠠᠰᠤᠷᠠᠭᠤᠯᠬᠤ ᠲᠦᠷᠢᠮ ᠢ ᠪᠦᠷᠢᠨᠰᠢᠭᠦᠯᠵᠤ᠂ ᠰᠢᠯᠢᠳᠡᠭ ᠺᠠᠳ᠋ᠷ ᠢ ᠰᠤᠩᠭᠤᠨ ᠲᠤᠮᠢᠯᠠᠵᠤ ᠰᠢᠶᠠᠨ ᠰᠢᠶᠠᠩ ᠳᠤ ᠲᠤᠰᠢᠶᠠᠯ ᠡᠭᠦᠷᠭᠡᠯᠡᠨ ᠪᠤᠯᠪᠠᠰᠤᠷᠠᠭᠤᠯᠵᠤ᠂ ᠲᠤᠰᠬᠤᠨ ᠳᠤ ᠲᠤᠮᠢᠯᠠᠵᠤ ᠨᠢᠬᠡᠳᠤᠬᠡᠷ ᠱᠦᠵᠢ ᠶᠢᠨ ᠲᠤᠰᠢᠶᠠᠯ ᠢ ᠬᠠᠷᠢᠭᠤᠴᠠᠭᠤᠯᠵᠤ᠂ ᠬᠦᠳᠡᠭᠡ ᠲᠤᠰᠬᠤᠨ ᠤ ᠡᠮᠤᠨ᠎ᠠ ᠹᠷᠤᠨᠲ ᠲᠤ ᠬᠦᠷᠴᠤ ᠠᠵᠢᠯᠯᠠᠵᠤ ᠪᠤᠯᠪᠠᠰᠤᠷᠠᠬᠤ᠂ ᠠᠵᠢᠯ ᠬᠢᠵᠤ ᠤᠢᠢᠯᠡᠰ ᠪᠤᠰᠬᠠᠬᠤ ᠶᠢ ᠺᠠᠳ᠋ᠷ ᠢ ᠬᠦᠮᠤᠵᠢᠬᠦᠯᠬᠦ ᠴᠢᠬᠤᠯᠠ ᠠᠷᠭ᠎ᠠ ᠵᠠᠮ ᠪᠤᠯᠭᠠᠵᠤ᠂ ᠪᠤᠳᠠᠳᠠᠢ ᠠᠵᠢᠯ ᠤᠨ ᠠᠮᠵᠢᠯᠳᠠ ᠨᠢ ᠰᠢᠯᠢᠳᠡᠭ ᠬᠦᠳᠡᠭᠡ ᠲᠤᠰᠬᠤᠨ ᠤ ᠠᠵᠢᠯ ᠤᠨ ᠺᠠᠳ᠋ᠷ ᠢ ᠲᠡᠪᠰᠢᠬᠦᠯᠵᠤ ᠭᠡᠷᠡᠭᠯᠡᠬᠦ ᠶᠢ ᠴᠢᠬᠤᠯᠠᠴᠢᠯᠠᠬᠤ ᠬᠡᠷᠡᠭᠳᠠᠢ᠃
  ᠬᠦᠳᠡᠭᠡ ᠲᠤᠰᠬᠤᠨ ᠤ ᠠᠵᠢᠯ ᠤᠨ ᠺᠠᠳ᠋ᠷ ᠤᠯᠠᠨ ᠲᠦᠮᠡᠨ ᠤ ᠠᠵᠢᠯ ᠬᠢᠬᠦ ᠴᠢᠳᠠᠪᠤᠷᠢ ᠪᠠᠨ ᠴᠢᠩᠭᠠᠳᠬᠠᠵᠤ᠂ ᠠᠵᠢᠯ ᠤᠨ ᠰᠤᠷᠳᠠᠯ ᠢᠶᠠᠨ ᠰᠠᠶᠢᠵᠢᠷᠠᠭᠤᠯᠵᠤ᠂ ᠦᠨᠳᠤᠰᠤᠨ ᠱᠠᠳᠤᠨ ᠳᠤ ᠬᠦᠨᠵᠡᠬᠡᠶᠢᠷᠡᠵᠤ᠂ ᠲᠠᠷᠢᠶᠠᠴᠢᠨ ᠲᠦᠮᠡᠨ ᠤ ᠬᠦᠰᠡᠯ ᠡᠷᠡᠮᠡᠯᠵᠡᠯ ᠢ ᠬᠢᠴᠢᠶᠡᠩᠭᠦ᠋ᠢᠯᠡᠨ ᠰᠤᠨᠤᠰᠴᠤ᠂ ᠲᠠᠷᠢᠶᠠᠴᠢᠨ ᠲᠦᠮᠡᠨ ᠯᠦᠭᠡ ᠶᠢᠨ ᠬᠠᠶᠢᠷ᠎ᠠ ᠰᠡᠳᠬᠢᠯᠬᠡ ᠪᠠᠨ ᠲᠠᠰᠤᠷᠠᠯᠳᠠ ᠦᠬᠡᠢ ᠵᠤᠵᠠᠭᠠᠳᠬᠠᠵᠤ᠂ ︽ᠲᠦᠷᠪᠡᠨ ᠰᠤᠷᠳᠠᠯ︾ ᠢᠯᠠᠩᠭᠤᠶ᠎ᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠡᠰᠡᠷᠬᠦᠴᠡᠬᠦ ᠬᠡᠷᠡᠭᠳᠠᠢ᠃
  ᠬᠤᠷᠢᠨ ᠨᠢᠬᠡᠳᠤᠭᠡᠷ ᠵᠦᠢᠯ ᠡᠯ᠎ᠠ ᠱᠠᠳᠤᠨ ᠤ ᠨᠠᠮ ᠤᠨ ᠬᠤᠷᠢᠶ᠎ᠠ ᠬᠦᠳᠡᠭᠡ ᠲᠤᠰᠬᠤᠨ ᠤ ᠴᠢᠳᠠᠪᠤᠷᠢᠳᠠᠨ ᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠠᠢ᠃ ᠰᠢᠶᠠᠨ ᠲᠤᠭᠤᠷᠢᠬ ᠤᠨ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠨᠢᠬᠡᠳᠤᠯᠳᠠᠢ ᠲᠦᠯᠤᠪᠵᠢᠬᠦᠯᠤᠨ ᠬᠡᠷᠡᠭᠯᠡᠬᠦ ᠲᠦᠷᠢᠮ ᠪᠤᠯᠤᠨ ᠬᠦᠳᠡᠭᠡ ᠲᠤᠰᠬᠤᠨ ᠤ ᠴᠢᠳᠠᠪᠤᠷᠢᠳᠠᠨ ᠢ ᠬᠠᠨᠳᠤᠯᠭ᠎ᠠ ᠲᠠᠢ ᠪᠠᠷ ᠨᠠᠶᠢᠳᠠᠨ ᠬᠦᠮᠤᠵᠢᠬᠦᠯᠬᠦ ᠲᠦᠷᠢᠮ ᠢ ᠪᠠᠶᠢᠭᠤᠯᠬᠤ ᠬᠡᠷᠡᠭᠳᠠᠢ᠃ ᠬᠦᠳᠡᠭᠡ ᠲᠤᠰᠬᠤᠨ ᠤ ᠪᠠᠭᠰᠢ ᠶᠢᠨ ᠡᠩᠨᠡᠭᠡ᠂ ᠡᠮᠴᠢ ᠶᠢᠨ ᠡᠩᠨᠡᠬᠡᠨ ᠤ ᠬᠡᠪ ᠴᠢᠨᠠᠷ ᠢ ᠶᠡᠭᠡ ᠪᠠᠷ ᠲᠡᠭᠡᠭᠰᠢᠯᠠᠬᠦᠯᠤᠨ᠎ᠠ᠃ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠡᠩᠨᠡᠭᠡ ᠪᠤᠯᠤᠨ ᠮᠡᠷᠬᠡᠵᠢᠯ ᠢ ᠲᠡᠯᠬᠡᠷᠡᠬᠦᠯᠬᠦ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠰᠤᠶᠤᠯ ᠲᠠᠢ᠂ ᠮᠡᠷᠬᠡᠵᠢᠯ ᠲᠠᠢ᠂ ᠡᠵᠡᠩᠨᠡᠯᠳᠡ ᠳᠡᠭᠡᠨ ᠴᠢᠳᠠᠮᠠᠭᠠᠢ᠂ ᠬᠠᠮᠢᠶᠠᠷᠤᠯᠳᠠ ᠳᠠᠭᠠᠨ ᠰᠠᠶᠢᠨ ᠦᠨᠳᠦᠷ ᠬᠡᠪ ᠴᠢᠨᠠᠷ ᠲᠠᠢ ᠲᠠᠷᠢᠶᠠᠴᠢᠨ ᠤ ᠡᠩᠨᠡᠭᠡ ᠶᠢ ᠬᠦᠮᠤᠵᠢᠬᠦᠯᠵᠤ᠂ ᠨᠡᠩ ᠤᠯᠠᠨ ᠨᠤᠳᠤᠬ ᠤᠨ ᠴᠢᠳᠠᠪᠤᠷᠢᠳᠠᠨ ᠢ ᠬᠦᠮᠤᠵᠢᠬᠦᠯᠤᠨ᠎ᠠ᠃
  ᠬᠤᠷᠢᠨ ᠬᠤᠶᠠᠳᠤᠭᠠᠷ ᠵᠦᠢᠯ ᠡᠯ᠎ᠠ ᠱᠠᠳᠤᠨ ᠤ ᠨᠠᠮ ᠤᠨ ᠬᠤᠷᠢᠶ᠎ᠠ ᠠᠵᠢᠯᠴᠢᠨ ᠤ ᠡᠪᠯᠠᠯ᠂ ᠡᠪ ᠬᠠᠮᠳᠤ ᠵᠠᠯᠠᠭᠤᠴᠤᠳ ᠤᠨ ᠡᠪᠯᠠᠯ᠂ ᠡᠮᠡᠭᠳᠠᠶᠢᠴᠤᠳ ᠤᠨ ᠬᠤᠯᠪᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠠᠮᠳᠡᠭᠴᠤᠳ ᠤᠨ ᠬᠤᠯᠪᠤᠭ᠎ᠠ᠂ ᠲᠦᠯᠤᠪᠯᠡᠬᠡᠳᠤ ᠦᠷᠡᠵᠢᠯ ᠤᠨ ᠨᠡᠶᠢᠭᠡᠮᠯᠢᠭ ᠵᠡᠷᠬᠡ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠬ ᠪᠤᠯᠤᠨ ᠬᠦᠴᠤᠨ ᠢ ᠪᠠᠳᠠᠷᠠᠭᠤᠯᠵᠤ᠂ ᠡᠯ᠎ᠠ ᠠᠷᠠᠳᠴᠢᠯᠠᠬᠰᠠᠨ ᠨᠠᠮ ᠪᠦᠯᠦᠭ᠂ ᠤᠢᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠤᠰ ᠵᠡᠷᠬᠡ ᠶᠢᠨ ᠢᠳᠡᠪᠬᠢ ᠤᠢᠢᠯᠡᠳᠤᠯ ᠢ ᠪᠠᠳᠠᠷᠠᠭᠤᠯᠵᠤ᠂ ᠬᠦᠳᠡᠭᠡ ᠲᠤᠰᠬᠤᠨ ᠤ ᠨᠡᠶᠢᠬᠡᠮ ᠤᠨ ᠠᠵᠢᠯ ᠪᠤᠯᠤᠨ ᠰᠠᠶᠢᠨ ᠲᠤᠷ᠎ᠠ ᠶᠢᠨ ᠤᠢᠢᠯᠡᠴᠢᠯᠡᠬᠡᠨ ᠤ ᠬᠦᠭᠵᠢᠯᠳᠠ ᠶᠢ ᠬᠦᠳᠤᠯᠤᠨ ᠵᠢᠯᠤᠭᠤᠳᠬᠤ ᠶᠢ ᠲᠡᠮᠵᠢᠵᠤ᠂ ᠨᠡᠶᠢᠬᠡᠮ ᠤᠨ ᠡᠯ᠎ᠠ ᠡᠳᠡᠬᠡᠳ ᠤᠨ ᠬᠢᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠤᠷᠤᠯᠴᠠᠬᠤ ᠶᠢ ᠵᠤᠷᠢᠬᠵᠢᠭᠤᠯᠬᠤ ᠬᠡᠷᠡᠭᠳᠠᠢ᠃
  ᠲᠠᠪᠤᠳᠤᠭᠠᠷ ᠪᠦᠯᠦᠭ ᠪᠠᠳᠤᠯᠠᠭ᠎ᠠ ᠶᠢᠨ ᠠᠷᠭ᠎ᠠ ᠬᠡᠮᠵᠢᠶ᠎ᠠ
  ᠬᠤᠷᠢᠨ ᠭᠤᠷᠪᠠᠳᠤᠭᠠᠷ ᠵᠦᠢᠯ ᠡᠯ᠎ᠠ ᠱᠠᠳᠤᠨ ᠤ ᠨᠠᠮ ᠤᠨ ᠬᠤᠷᠢᠶ᠎ᠠ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠭᠵᠢᠯᠳᠡ ᠳᠤ ᠦᠵᠡᠭᠦᠯᠬᠦ ᠦᠭᠡᠷᠡᠴᠢᠯᠡᠯᠳᠡ ᠶᠢᠨ ᠠᠬᠢᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠬᠤ ᠬᠡᠷᠡᠭᠳᠠᠢ᠃ ᠲᠠᠷᠢᠶᠠᠴᠢᠨ ᠪᠤᠯᠤᠨ ᠭᠠᠵᠠᠷ ᠰᠢᠷᠤᠢ ᠶᠢᠨ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠬᠦ ᠪᠠᠷ ᠭᠤᠤᠯ ᠰᠢᠵᠢᠮ ᠪᠤᠯᠭᠠᠵᠤ ᠬᠦᠳᠡᠭᠡ ᠲᠤᠰᠬᠤᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠬᠦᠳᠡᠭᠡ ᠲᠤᠰᠬᠤᠨ ᠤ ᠭᠠᠵᠠᠷ ᠰᠢᠷᠤᠢ ᠶᠢ ᠲᠠᠷᠢᠶᠠᠴᠢᠳ ᠬᠠᠮᠳᠦ ᠪᠠᠷ ᠦᠮᠴᠢᠯᠡᠬᠦ ᠶᠢ ᠪᠠᠷᠢᠮᠳᠠᠯᠠᠵᠤ᠂ ᠭᠡᠷ ᠪᠦᠯᠢ ᠶᠢᠨ ᠡᠵᠡᠩᠨᠡᠯᠳᠡ ᠶᠢᠨ ᠦᠨᠳᠦᠰᠦᠨ ᠴᠢᠨᠠᠷᠳᠠᠢ ᠪᠠᠶᠢᠷᠢ ᠰᠠᠭᠤᠷᠢ ᠶᠢ ᠪᠠᠷᠢᠮᠳᠠᠯᠠᠵᠤ᠂ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠠᠷᠢᠴᠠᠭ᠎ᠠ ᠲᠤᠭᠳᠠᠭᠤᠨ ᠪᠦᠭᠡᠳ ᠤᠷᠳᠤ ᠬᠤᠭᠤᠴᠠᠭ᠎ᠠ ᠪᠠᠷ ᠦᠯᠦ ᠬᠤᠪᠢᠷᠠᠭᠤᠯᠬᠤ ᠶᠢ ᠪᠠᠷᠢᠮᠳᠠᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠱᠠᠭᠠᠷᠳᠠᠯᠭ᠎ᠠ ᠲᠠᠢ ᠨᠡᠶᠢᠴᠡᠬᠦ ᠬᠦᠳᠡᠭᠡ ᠲᠤᠰᠬᠤᠨ 



  
     
     